ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-05-28 15:59:09

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

《2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠬᠢᠴᠢᠶᠡᠯ ᠵᠢᠴᠢ ᠵᠠᠮ ᠱᠤᠭᠤᠮ᠎ᠢ ᠡᠯᠰᠡᠬᠦ ᠲᠤᠬᠠᠢ ᠮᠡᠳᠡᠭᠳᠡᠯ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠯᠪᠠᠨ ᠭᠡᠷ [2026] 41 ᠲᠣᠭᠠᠲᠤ)᠎ᠤᠨ ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ᠎ᠤᠨ ᠬᠢᠨ᠎ᠤ ᠭᠤᠶᠤᠴᠢᠯᠠᠨ ᠮᠡᠳᠡᠭᠦᠯᠬᠦ᠂ ᠲᠤᠰᠬᠠᠢ ᠮᠡᠷᠭᠡᠵᠢᠯᠲᠡᠨ᠎ᠦ ᠰᠢᠯᠭᠠᠷᠠᠭᠤᠯᠤᠯᠲᠠ᠎ᠪᠠᠷ ᠳᠡᠮᠵᠢᠨ 《ᠲᠠᠯ᠎ᠠ ᠨᠤᠲᠤᠭ ᠎ᠢᠶᠠᠷ ᠶᠠᠪᠤᠬᠤ·ᠡᠯᠡᠰᠦᠨ ᠴᠥᠯ ᠎ᠵᠢᠡᠷ ᠠᠶᠠᠯᠠᠬᠤ·ᠥᠪᠥᠷ ᠮᠣᠩᠭᠣᠯ᠎ᠤᠨ ᠰᠣᠶᠣᠯ᠎ᠤᠨ ᠢᠮ ᠲᠠᠮᠠᠭ᠎ᠠ᠎ᠶᠢ ᠬᠠᠢᠬᠤ》 ᠵᠡᠷᠭᠡ 40 ᠲᠥᠷᠥᠯ ᠵᠦᠢᠯ᠎ᠢ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠬᠢᠴᠢᠶᠡᠯ ᠵᠢᠴᠢ ᠵᠠᠮ ᠱᠤᠭᠤᠮ᠎ᠤᠨ ᠨᠡᠷᠡᠰ᠎ᠤᠨ ᠵᠢᠭᠰᠠᠭᠠᠯᠳᠠ ᠳ᠋ᠤ ᠰᠤᠩᠭᠤᠬᠤ᠎ᠪᠠᠷ ᠲᠤᠬᠳᠠᠭᠠᠵᠤ (ᠨᠡᠷᠡᠰ᠎ᠢ ᠲᠠᠭᠠᠯᠳᠤᠭᠤᠯᠤᠯ ᠡᠴᠡ ᠦᠵᠡᠬᠡᠷᠠᠢ) ᠂ ᠡᠳᠦᠭᠡ ᠢᠯᠡ ᠨᠡᠢᠲᠡᠯᠡᠶ᠎ᠡ᠃

ᠵᠠᠷᠯᠠᠨ ᠨᠡᠢᠲᠡᠯᠡᠬᠦ ᠴᠠᠭ 2026 ᠣᠨ᠎ᠤ 5 ᠰᠠᠷ᠎ᠠ᠎ᠶᠢᠨ 27᠎ᠤ ᠡᠳᠦᠷ᠎ᠡᠴᠡ 5 ᠰᠠᠷ᠎ᠠ᠎ᠶᠢᠨ 31᠎ᠤ ᠡᠳᠦᠷ ᠪᠣᠯᠲᠠᠯ᠎ᠠ᠃ ᠬᠡᠷᠪᠡ ᠢᠯᠡ ᠨᠡᠢᠲᠡᠯᠡᠯ᠎ᠳᠦ ᠣᠨᠳᠣᠣ ᠰᠠᠨᠠᠯ᠎ᠲᠠᠢ ᠪᠣᠯ᠂ ᠢᠯᠡ ᠨᠡᠢᠲᠡᠯᠡᠬᠦ ᠬᠤᠭᠤᠴᠠᠭᠠᠨ᠎ᠳᠤ ᠪᠢᠴᠢᠭ᠎ᠦᠨ ᠬᠡᠯᠪᠡᠷᠢ᠎ᠪᠡᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠰᠤᠷᠭᠠᠨ ᠬᠥᠮᠦᠵᠢᠯ᠎ᠦᠨ ᠭᠠᠵᠠᠷ᠎ᠲᠤ ᠳᠤᠰᠬᠠᠭᠠᠷᠠᠢ᠃

ᠬᠠᠷᠢᠯᠴᠠᠬᠤ ᠤᠲᠠᠰᠤ ᠄ 0471— 6946660

ᠬᠠᠷᠢᠯᠴᠠᠬᠤ ᠬᠠᠶᠢᠭ᠋ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠤᠯᠠᠭᠠᠨᠴᠠᠪ ᠪᠠᠷᠠᠭᠤᠨ ᠵᠡᠭᠡᠯᠢ᠎ᠶᠢᠨ 32 ᠨᠣᠮᠧᠷᠲᠤ ᠰᠣᠶᠣᠯ᠎ᠤᠨ ᠲᠣᠮᠣ᠌ ᠠᠰᠠᠷ

ᠢᠮᠸᠯ᠄ nmgwltkjc@163.com

ᠲᠠᠭᠠᠯᠳᠤᠭᠤᠯᠤᠯ᠄ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠬᠢᠴᠢᠶᠡᠯ ᠵᠢᠴᠢ ᠵᠠᠮ ᠱᠤᠭᠤᠮ᠎ᠳᠤ ᠰᠣᠩᠭᠣᠬᠤ ᠎ᠪᠠᠷ ᠪᠠᠢᠭ᠎ᠠ ᠨᠡᠷᠡᠰ(ᠨᠡᠷᠡᠰ᠎ᠦᠨ ᠵᠢᠭ᠍ᠰᠠᠭᠠᠯᠲᠠ᠎ᠶᠢ ᠡᠮᠦᠨ᠎ᠡ ᠬᠣᠢᠨ᠎ᠠ ᠭᠡᠵᠦ ᠬᠤᠪᠢᠶᠠᠬᠤ ᠦᠭᠡᠢ )




ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ

2026 ᠣᠨ᠎ᠤ 5 ᠰᠠᠷ᠎ᠠ᠎ᠶᠢᠨ 27᠎ᠤ ᠡᠳᠦᠷ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄
兼容浏览器的HTML页面