2026-06-02 17:26:42
5 ᠰᠠᠷ᠎ᠠ᠎ᠶᠢᠨ 30᠎ᠤ ᠡᠳᠦᠷ᠂ ᠪᠥᠬᠥ᠌ ᠤᠯᠤᠰ᠎ᠤᠨ ᠠᠩᠬᠠᠳᠠᠭᠴᠢ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠤ ᠪᠦᠭᠦᠯᠢ ᠭᠤᠭᠴᠤᠭ᠎ᠠ ᠵᠢᠨ AI ᠲᠠᠪᠴᠠᠩ ᠥᠪᠥᠷ ᠮᠣᠩᠭᠣᠯ᠎ᠤᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠬᠥᠬᠡᠬᠣᠲᠠ᠎ᠶᠢᠨ ᠬᠤᠪᠢᠶᠠᠷᠢ ᠲᠣᠭᠣᠷᠢᠭ᠎ᠲᠤ᠌ ᠵᠢᠩᠬᠢᠨᠢ᠎ᠪᠡᠷ ᠠᠰᠢᠭᠯᠠᠯᠲᠠ᠎ᠳᠤ ᠣᠷᠣᠵᠤ᠂ ᠣᠷᠣᠨ ᠪᠦᠰᠡ ᠵᠢᠨ ᠨᠢᠭᠡ ᠥᠷᠲᠡᠭᠡᠴᠢᠯᠡᠭᠰᠡᠨ ᠮᠠᠶᠢᠭ᠎ᠤᠨ ᠪᠤᠳᠤᠯᠲᠠ ᠵᠢᠨ ᠬᠦᠴᠦᠨ᠎ᠤ ᠵᠠᠭᠪᠤᠷ᠎ᠤᠨ ᠦᠰᠦᠭ᠎ᠤᠨ ᠨᠢᠭᠡᠴᠢ ᠵᠢᠨ ᠶᠡᠷᠦᠩᠬᠡᠶ᠋ᠢᠯᠡᠭᠰᠡᠨ ᠦᠢᠯᠡᠴᠢᠯᠡᠭᠡᠨ᠎ᠦ ᠠᠷᠠᠯᠵᠢᠶ᠎ᠠ ᠵᠢᠨ ᠬᠣᠭᠣᠰᠣᠨ᠎ᠢ ᠨᠥᠬᠥᠪᠥᠷᠢᠯᠡᠪᠡ᠃
ᠣᠳᠣᠬᠠᠨ᠎ᠳᠤ᠂ ᠪᠥᠬᠥ᠌ ᠤᠯᠤᠰ᠎ᠤᠨ ᠨᠢᠭᠡ ᠴᠤᠭᠴᠠᠵᠢᠭᠤᠯᠤᠭᠰᠠᠨ ᠪᠤᠳᠤᠯᠲᠠ ᠵᠢᠨ ᠬᠦᠴᠦᠨ᠎ᠦ ᠲᠤᠤᠷ᠎ᠤᠨ ᠪᠥᠲᠥᠭᠡᠨ ᠪᠠᠶ᠋ᠢᠭᠤᠯᠤᠯᠲᠠ ᠲᠦᠷᠭᠡᠨ ᠠᠭᠢᠵᠤ᠂ ᠵᠣᠬᠢᠶᠠᠮᠠᠯ ᠣᠶᠤᠨ ᠴᠢᠳᠠᠪᠤᠷᠢ ᠵᠢᠨ ᠠᠵᠤ ᠦᠢᠯᠡᠰ ᠥᠷᠨᠢᠨ ᠬᠥᠭᠵᠢᠵᠦ᠍᠂ ᠦᠰᠦᠭ᠎ᠤᠨ ᠨᠢᠭᠡᠴᠢ᠎ᠶᠢᠨ ᠬᠡᠷᠡᠭᠯᠡᠯᠲᠡ᠎ᠶᠢᠨ ᠬᠡᠷᠡᠭᠴᠡᠭᠡ ᠦᠷᠭᠦᠯᠵᠢᠯᠡᠨ ᠨᠡᠮᠡᠭᠳᠡᠵᠦ᠍ ᠪᠠᠶ᠋ᠢᠨ᠎ᠠ᠃ ᠲᠣᠰ ᠤᠳᠠᠭ᠎ᠠ ᠰᠦᠯᠵᠢᠶᠡᠨ᠎ᠳᠦ ᠭᠠᠷᠭᠠᠭᠰᠠᠨ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠦ ᠪᠦᠭᠦᠯᠢ ᠭᠤᠭᠴᠤᠭ᠎ᠠ ᠵᠢᠨ AI ᠲᠠᠪᠴᠠᠩ᠂ ᠬᠤᠷᠠᠮᠠᠯ ᠪᠤᠳᠤᠯᠲᠠ ᠵᠢᠨ ᠬᠦᠴᠦᠨ᠎ᠦ ᠲᠣᠬᠢᠷᠠᠭᠤᠯᠤᠯᠲᠠ᠎ᠶᠢᠨ ᠠᠷᠠᠯᠵᠢᠶ᠎ᠠ᠂ ᠤᠶᠤᠨᠲᠤ᠌ ᠵᠠᠭᠪᠤᠷ᠎ᠢ ᠰᠢᠯᠵᠢᠭᠦᠯᠦᠨ ᠬᠡᠷᠡᠭᠯᠡᠬᠦ᠌᠂ ᠦᠰᠦᠭ᠎ᠤᠨ ᠨᠢᠭᠡᠴᠢ᠎ᠶᠢᠨ ᠠᠷᠠᠯᠵᠢᠶ᠎ᠠ᠎ᠶᠢ ᠲᠡᠰᠦᠯᠦᠨ ᠪᠤᠳᠤᠬᠤ ᠵᠡᠷᠭᠡ ᠨᠢᠭᠡ ᠥᠷᠲᠡᠭᠡᠴᠢᠯᠡᠭᠰᠡᠨ ᠮᠠᠶᠢᠭ᠎ᠤᠨ ᠭᠤᠤᠯᠯᠠᠬᠤ ᠴᠢᠳᠠᠮᠵᠢ᠎ᠶᠢ ᠪᠠᠶ᠋ᠢᠭᠤᠯᠵᠤ᠂ 《ᠪᠤᠳᠤᠯᠲᠠ ᠵᠢᠨ ᠬᠦᠴᠦᠨ᠎ᠢ ᠭᠠᠷᠭᠠᠬᠤ — ᠵᠠᠭᠪᠤᠷ᠎ᠢ ᠰᠢᠯᠵᠢᠭᠦᠯᠦᠨ ᠬᠡᠷᠡᠭᠯᠡᠬᠦ᠌ — ᠬᠡᠷᠡᠭᠯᠡᠯᠲᠡ᠎ᠶᠢ ᠪᠣᠳᠠᠲᠠᠶ᠋ᠢᠵᠢᠭᠤᠯᠬᠤ — ᠦᠰᠦᠭ᠎ᠤᠨ ᠨᠢᠭᠡᠴᠢ ᠵᠢ ᠲᠡᠰᠦᠯᠦᠨ ᠪᠤᠳᠤᠬᠤ》 ᠪᠥᠬᠥ᠌ ᠬᠡᠯᠬᠢᠶᠡᠲᠦ᠍ AI ᠦᠢᠯᠡᠴᠢᠯᠡᠭᠡᠨ᠎ᠦ ᠰᠢᠰᠲ᠋ᠧᠮ᠎ᠢ ᠪᠠᠶ᠋ᠢᠭᠤᠯᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠶ᠋ᠢᠭᠤᠯᠤᠮᠵᠢ ᠵᠡᠷᠭᠡ ᠡᠯ᠎ᠡ ᠲᠥᠷᠥᠯ᠎ᠦᠨ ᠵᠠᠬ᠎ᠠ ᠳᠡᠯᠭᠡᠭᠦᠷ᠎ᠦᠨ ᠭᠤᠤᠯ ᠴᠣᠭᠴᠠ᠎ᠳᠤ ᠪᠥᠬᠥ᠌ ᠲᠠᠯ᠎ᠠ᠎ᠪᠠᠷ ᠦᠢᠯᠡᠴᠢᠯᠡᠵᠦ᠍ ᠳᠡᠢᠯᠦᠨ᠎ᠠ᠃
ᠲᠠᠪᠴᠠᠩ ᠨᠢ ᠤᠯᠤᠰ᠎ᠲᠦ ᠦᠢᠯᠡᠳᠪᠦᠷᠢᠯᠡᠭᠰᠡᠨ ᠴᠢᠫ ᠪᠣᠯᠤᠨ ᠭᠤᠤᠯ ᠤᠷᠤᠰᠬᠠᠯ᠎ᠤᠨ ᠪᠤᠳᠤᠯᠲᠠ ᠵᠢᠨ ᠬᠦᠴᠦᠨ᠎ᠦ ᠪᠦᠲᠦᠴᠡ᠎ᠶᠢ ᠪᠥᠬᠥ᠌ ᠲᠠᠯ᠎ᠠ᠎ᠪᠠᠷ ᠪᠠᠭᠲᠠᠭᠠᠵᠤ᠂ ᠲᠦᠷᠦᠭᠦᠦ ᠪᠦᠯᠦᠭ᠎ᠦᠨ ᠭᠤᠷᠪᠠᠨ ᠲᠣᠮᠣ ᠮᠡᠳᠡᠭᠡ ᠬᠣᠯᠪᠣᠭᠠᠨ᠎ᠤ ᠡᠵᠡᠩᠨᠡᠯᠲᠡ᠎ᠶᠢᠨ ᠠᠵᠤ ᠠᠬᠤᠢᠯᠠᠯ ᠵᠢᠴᠢ ᠲᠦᠷᠦᠭᠦᠦ ᠬᠡᠰᠡᠭ᠎ᠦᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠢᠯᠡᠳᠪᠦᠷᠢ ᠠᠵᠤ ᠠᠬᠤᠢᠯᠠᠯ᠎ᠤᠨ ᠠᠷᠪᠠ ᠭᠠᠷᠤᠶ ᠭᠤᠤᠯ ᠤᠷᠤᠰᠬᠠᠯ᠎ᠤᠨ ᠵᠠᠭᠪᠤᠷ᠎ᠢ ᠵᠠᠯᠭᠠᠨ ᠣᠷᠣᠭᠤᠯᠪᠠ᠃ ᠬᠡᠷᠡᠭᠯᠡᠭᠴᠢ᠎ᠶᠢᠨ ᠬᠡᠷᠡᠭᠴᠡᠭᠡ ᠱᠠᠭᠠᠷᠳᠠᠯᠭ᠎ᠠ᠎ᠶᠢ ᠦᠨᠳᠦᠰᠦᠯᠡᠨ᠂ ᠲᠠᠪᠴᠠᠩ᠎ᠨᠢ ᠪᠥᠬᠥ᠌ ᠤᠯᠤᠰ᠎ᠤᠨ ᠵᠠᠯᠭᠠᠨ ᠣᠷᠣᠭᠤᠯᠤᠭᠰᠠᠨ ᠵᠠᠩᠭᠢᠶᠠᠰᠤ᠎ᠶᠢᠨ ᠨᠡᠶ᠋ᠢᠳᠡᠮ ᠪᠤᠳᠤᠯᠳᠠ᠂ ᠣᠶᠤᠨᠲᠤ ᠪᠤᠳᠤᠯᠳᠠ᠂ ᠬᠡᠲᠦ᠍ ᠪᠤᠳᠤᠯᠳᠠ ᠵᠡᠷᠭᠡ ᠣᠯᠠᠨ ᠡᠰᠢᠲᠦ᠍ ᠪᠤᠳᠤᠯᠲᠠ ᠵᠢᠨ ᠬᠦᠴᠦᠨ᠎ᠦ ᠡᠬᠢ ᠪᠠᠶᠠᠯᠢᠭ᠎ᠢ ᠨᠡᠶ᠋ᠢᠳᠭᠡᠵᠦ᠍᠂ ᠣᠶᠤᠨᠲᠤ᠎ᠪᠠᠷ ᠳᠣᠭᠢᠷᠠᠭᠤᠯᠬᠤ ᠪᠤᠳᠤᠯᠲᠠ ᠵᠢᠨ ᠠᠷᠭ᠎ᠠ᠎ᠪᠠᠷ ᠳᠠᠮᠵᠢᠭᠤᠯᠤᠨ ᠪᠤᠳᠤᠯᠲᠠ ᠵᠢᠨ ᠬᠦᠴᠦᠨ᠎ᠦ ᠡᠬᠢ ᠪᠠᠶᠠᠯᠢᠭ᠎ᠢ ᠤᠶᠠᠨ ᠬᠠᠳᠠᠨ ᠬᠤᠪᠢᠶᠠᠷᠢᠯᠠᠨ᠂ ᠥᠨᠳᠥᠷ ᠪᠦᠲᠦᠮᠵᠢᠲᠡᠶ ᠳᠣᠭᠢᠷᠠᠭᠤᠯᠵᠤ᠂ ᠠᠵᠤ ᠠᠬᠤᠶ᠎ᠶᠢᠨ ᠬᠠᠩᠭᠠᠯᠭ᠎ᠠ᠎ᠶᠢ ᠪᠡᠲᠤᠯᠠᠵᠦ᠍᠂ ᠬᠡᠷᠡᠭᠯᠡᠭᠴᠢᠳᠲᠦ᠍ ᠳᠥᠭᠥᠮ ᠳᠥᠲᠡ ᠬᠡᠷᠡᠭᠯᠡᠬᠦ᠌᠎ᠳᠦ ᠬᠢᠯᠪᠠᠷ᠂ ᠳᠤᠤᠷ᠎ᠠ ᠨᠡᠭᠦᠷᠡᠰᠦᠲᠥ᠋ᠷᠥᠭᠴᠢᠲᠦ᠍ ᠪᠣᠬᠢᠷᠲᠤᠯ ᠥᠬᠡᠶ᠂ ᠴᠢᠨᠠᠷ ᠰᠠᠶ᠋ᠢᠲᠠᠶ ᠪᠥᠭᠡᠳ ᠬᠢᠮᠳᠠ ᠦᠰᠦᠭ᠎ᠤᠨ ᠨᠢᠭᠡᠴᠢ (Token) ᠵᠢᠨ ᠠᠷᠠᠯᠵᠢᠶᠠᠨ᠎ᠤ ᠦᠢᠯᠡᠴᠢᠯᠡᠭᠡ ᠬᠠᠩᠭᠠᠬᠤ ᠪᠤᠯᠤᠨ᠎ᠠ᠃
(ᠢᠷᠡᠯᠳᠠ᠄ ᠳᠦᠪ ᠳᠸᠯᠸᠢᠰ᠎ᠤᠨ ᠰᠤᠨᠢᠨ ᠮᠡᠳᠡᠭᠡ ᠰᠢᠯᠵᠢᠶ᠎ᠠ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃