ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-06-02 17:10:23

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ᠎ᠠᠴᠠ ᠣᠢᠯᠠᠭᠠᠭᠰᠠᠨ ᠵᠢᠡᠷ᠂ 6 ᠰᠠᠷ᠎ᠠ᠎ᠶᠢᠨ 1᠎ᠦ ᠡᠳᠦᠷ᠎ᠡᠴᠡ ᠡᠬᠢᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠦᠷᠡᠵᠢᠯ᠎ᠦᠨ ᠡᠮᠴᠢᠯᠡᠭᠡᠨ᠎ᠤ ᠪᠠᠲᠤᠯᠠᠭ᠎ᠠ᠎ᠶᠢᠨ ᠰᠢᠷᠢᠰ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ ᠬᠡᠷᠡᠭᠵᠢᠭᠦᠯᠵᠦ᠂ ᠡᠮᠡᠭᠲᠡᠢ᠎ᠶᠢᠨ ᠰᠠᠯᠠᠭ᠎ᠠ ᠪᠠ ᠬᠦᠩᠭᠡᠵᠢᠯᠲᠡ ᠵᠢᠨ ᠰᠠᠯᠠᠭᠠᠨ᠎ᠤ 5 ᠲᠥᠷᠥᠯ᠎ᠦᠨ ᠡᠮᠴᠢᠯᠡᠭᠡᠨ᠎ᠤ ᠦᠢᠯᠡᠴᠢᠯᠡᠭᠡᠨ᠎ᠦ ᠲᠥᠷᠥᠯ ᠵᠦᠢᠯ᠂ 1 ᠲᠥᠷᠥᠯ᠎ᠦᠨ ᠡᠮᠴᠢᠯᠡᠭᠡᠨ᠎ᠤ ᠬᠣᠷᠣᠭᠳᠠᠯ ᠮᠠᠲᠧᠷᠢᠶᠠᠯ᠎ᠢ ᠡᠮ ᠡᠮᠨᠡᠯᠭᠡ᠎ᠶᠢᠨ ᠳᠠᠭᠠᠳᠬᠠᠯ᠎ᠤᠨ ᠲᠥᠯᠥᠬᠦ ᠬᠡᠪᠴᠢᠶᠡᠨ᠎ᠳᠦ ᠣᠷᠣᠭᠤᠯᠵᠤ᠂ ᠣᠯᠠᠨ ᠲᠦᠮᠡᠨ᠎ᠤ ᠡᠪᠡᠳᠴᠢᠨ ᠦᠵᠡᠭᠦᠯᠬᠦ ᠳᠠᠷᠤᠭᠠᠰᠤ᠎ᠶᠢ ᠬᠥᠩᠭᠡᠷᠡᠭᠦᠯᠪᠡ᠃

《ᠲᠣᠰ ᠤᠳᠠᠭᠠᠨ᠎ᠤ ᠡᠮ ᠡᠮᠨᠡᠯᠭᠡ᠎ᠶᠢᠨ ᠳᠠᠭᠠᠳᠬᠠᠯ᠎ᠤᠨ ᠭᠠᠷᠴᠠᠭ᠎ᠲᠤ ᠰᠢᠨ᠎ᠡ᠎ᠪᠡᠷ ᠣᠷᠣᠭᠤᠯᠤᠭᠰᠠᠨ ᠡᠮᠡᠭᠲᠡᠢ ᠵᠢᠨ ᠰᠠᠯᠠᠭ᠎ᠠ ᠪᠠ ᠬᠥᠩᠭᠡᠵᠢᠯᠲᠡ ᠵᠢᠨ ᠰᠠᠯᠠᠭᠠᠨ᠎ᠤ ᠲᠥᠷᠥᠯ᠎ᠦᠨ ᠡᠮᠴᠢᠯᠡᠭᠡᠨ᠎ᠤ ᠦᠢᠯᠡᠴᠢᠯᠡᠭᠡᠨ᠎ᠦ ᠲᠦᠷᠦᠯ᠎ᠳᠤ ᠡᠮᠨᠡᠯᠭᠡ᠎ᠶᠢᠨ ᠬᠣᠷᠢᠶᠠᠨ ᠡᠴᠡ ᠪᠤᠰᠤᠳ ᠭᠠᠵᠠᠷ ᠬᠥᠩᠭᠡᠵᠢᠭᠰᠡᠨ᠎ᠦ ᠳᠠᠷᠠᠭᠠᠬᠢ ᠰᠢᠢᠳᠪᠦᠷᠢᠯᠡᠯᠲᠡ᠂ ᠰᠠᠪᠠ᠎ᠶᠢᠨ ᠳᠣᠲᠣᠷᠠᠬᠢ ᠵᠢᠷᠮᠤᠰᠤᠯᠡᠯᠲᠡ᠎ᠶᠢ ᠬᠣᠷᠢᠭ᠍ᠯᠠᠬᠤ ᠴᠠᠭᠠᠷᠢᠭ᠎ᠢ ᠭᠠᠷᠭᠠᠵᠤ ᠠᠪᠬᠤ᠂ ᠰᠠᠪᠠ᠎ᠶᠢᠨ ᠭᠠᠳᠠᠨ᠎ᠠ ᠵᠢᠷᠮᠦᠰᠦᠯᠡᠯᠲᠡ᠎ᠶᠢ ᠬᠣᠷᠢᠭ᠍ᠯᠠᠬᠤ ᠴᠠᠭᠠᠷᠢᠭ ᠲᠤᠬᠢᠶᠠᠬᠤ᠂ ᠥᠨᠳᠡᠭᠡ ᠳᠠᠮᠵᠢᠭᠤᠯᠬᠤ ᠭᠤᠤᠷᠰᠤ ᠪᠡᠷ ᠰᠢᠩᠭᠡᠨ ᠨᠡᠪᠲᠡᠷᠡᠭᠦᠯᠬᠦ᠂ ᠬᠦᠪᠦᠷᠡᠯ ᠲᠤᠷᠭᠢᠭᠠᠬᠤ ᠮᠡᠷᠭᠡᠵᠢᠯ᠂ ᠬᠥᠩᠭᠡᠵᠢᠭᠦᠯᠬᠦ ᠰᠠᠯᠠᠭᠠᠨ᠎ᠤ ᠲᠥᠷᠥᠯ᠎ᠦᠨ ᠡᠮᠴᠢᠯᠡᠭᠡᠨ᠎ᠤ ᠦᠢᠯᠡᠴᠢᠯᠡᠭᠡᠨ᠎ᠦ ᠲᠦᠷᠦᠯ᠎ᠢ ᠳᠠᠭᠠᠳᠬᠠᠯ᠎ᠳᠤ ᠤᠷᠤᠭᠤᠯᠵᠤ ᠳᠡᠢᠯᠬᠦ᠎ᠶᠢ ᠨᠢ ᠠᠯᠢ ᠴᠢᠳᠠᠬᠤ᠎ᠪᠠᠷ ᠳᠠᠭᠠᠳᠬᠠᠯ᠎ᠳᠤ ᠤᠷᠤᠭᠤᠯᠬᠤ ᠵᠢ ᠦᠨᠳᠦᠰᠦᠨ᠎ᠳᠡᠭᠡᠨ ᠪᠡᠶᠡᠯᠡᠭᠦᠯᠬᠦ᠎ᠶᠢᠨ ᠬᠠᠮᠲᠤ᠂ ᠬᠥᠩᠭᠡᠵᠢᠬᠦ ᠦᠶ᠎ᠡ᠎ᠳᠦ ᠬᠡᠷᠡᠭᠯᠡᠬᠦ ᠲᠤᠰᠠᠭᠠᠷ ᠰᠦᠢᠳᠬᠡᠯ ᠬᠤᠷᠢᠶᠠᠳᠠᠭ ᠡᠮᠴᠢᠯᠡᠭᠡᠨ᠎ᠳᠦ ᠬᠡᠷᠡᠭᠯᠡᠬᠦ ᠬᠣᠷᠣᠭᠳᠠᠯ ᠮᠠᠲᠧᠷᠢᠶᠠᠯ ᠪᠤᠯᠬᠤ ᠬᠦᠪᠦᠷᠡᠯ᠎ᠤᠨ ᠲᠠᠲᠠᠭᠤᠷ᠎ᠢ ᠡᠮ ᠡᠮᠨᠡᠯᠭᠡ᠎ᠶᠢᠨ ᠳᠠᠭᠠᠳᠬᠠᠯ᠎ᠤᠨ ᠲᠠᠩᠰᠠ ᠲᠠᠢᠯᠬᠤ ᠬᠡᠪᠴᠢᠶᠡᠨ᠎ᠳᠦ ᠣᠷᠣᠭᠤᠯᠵᠤ᠂ ᠦᠷᠡᠵᠢᠯ᠎ᠦᠨ ᠬᠡᠷᠡᠭᠴᠡᠭᠡ ᠱᠠᠭᠠᠷᠳᠠᠯᠭ᠎ᠠ᠎ᠲᠠᠢ ᠡᠮᠡᠭᠲᠡᠢᠴᠦᠳ᠎ᠦᠨ ᠵᠢᠷᠮᠦᠰᠦᠯᠡᠬᠦ ᠦᠭᠡᠢ᠎ᠶᠢᠨ ᠨᠦᠯᠦᠭᠡᠯᠡᠯ᠎ᠢ ᠪᠠᠭᠠᠰᠬᠠᠬᠤ᠂ ᠦᠷᠡᠵᠢᠯ᠎ᠤᠨ ᠳᠠᠷᠠᠭᠠᠬᠢ ᠰᠡᠷᠭᠦᠭᠡᠯᠲᠡ᠂ ᠬᠠᠪᠰᠤᠷᠤᠨ ᠬᠦᠩᠭᠡᠵᠢᠭᠦᠯᠬᠦ ᠵᠡᠷᠭᠡ ᠡᠮ ᠡᠮᠨᠡᠯᠭᠡ᠎ᠶᠢᠨ ᠵᠠᠷᠤᠳᠠᠯ᠎ᠤᠨ ᠳᠠᠷᠤᠭᠠᠰᠤ᠎ᠶᠢ ᠨᠢ ᠪᠠᠭᠤᠷᠠᠭᠤᠯᠵᠤ᠂ ᠡᠮᠡᠭᠲᠡᠢᠴᠦᠳ᠎ᠦᠨ ᠦᠷᠡᠵᠢᠯ ᠪᠠ ᠬᠦᠩᠭᠡᠵᠢᠯᠲᠡ ᠵᠢᠨ ᠡᠷᠡᠭᠦᠯ ᠮᠡᠨᠳᠦ᠎ᠶᠢ ᠰᠠᠬᠢᠨ ᠬᠠᠮᠠᠭᠠᠯᠠᠬᠤ ᠪᠤᠯᠤᠨ᠎ᠠ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ᠎ᠶᠢᠨ ᠡᠮ ᠡᠮᠨᠡᠯᠭᠡ᠎ᠶᠢᠨ ᠦᠢᠯᠡᠴᠢᠯᠡᠭᠡᠨ᠎ᠦ ᠬᠠᠮᠢᠶᠠᠷᠤᠯᠲᠠ᠎ᠶᠢᠨ ᠭᠠᠵᠠᠷ᠎ᠤᠨ ᠤᠷᠢᠬᠠᠨ ᠲᠠᠨᠢᠯᠴᠠᠭᠤᠯᠤᠨ᠎ᠠ᠃ ᠣᠲᠣᠬᠠᠨ ᠪᠣᠯᠲᠠᠯ᠎ᠠ᠂ ᠥᠪᠥᠷ ᠮᠣᠩᠭᠣᠯ᠎ᠤᠨ ᠡᠮᠡᠭᠲᠡᠢ ᠵᠢᠨ ᠰᠠᠯᠠᠭᠠᠨ᠎ᠤ ᠲᠥᠷᠥᠯ᠎ᠦᠨ ᠡᠮᠴᠢᠯᠡᠭᠡᠨ᠎ᠤ ᠦᠢᠯᠡᠴᠢᠯᠡᠭᠡᠨ᠎ᠦ 64 ᠲᠦᠷᠦᠯ᠂ ᠬᠥᠩᠭᠡᠵᠢᠯᠲᠡ ᠵᠢᠨ ᠰᠠᠯᠠᠭᠠᠨ᠎ᠤ ᠡᠮᠴᠢᠯᠡᠭᠡᠨ᠎ᠦ ᠦᠢᠯᠡᠴᠢᠯᠡᠭᠡ᠎ᠶᠢᠨ 18 ᠲᠦᠷᠦᠯ᠎ᠢ ᠡᠮ ᠡᠮᠨᠡᠯᠭᠡ᠎ᠶᠢᠨ ᠳᠠᠭᠠᠳᠬᠠᠯ᠎ᠤᠨ ᠲᠠᠩᠰᠠ ᠲᠠᠢᠯᠬᠤ ᠬᠡᠪᠴᠢᠶᠡᠨ᠎ᠳᠦ ᠣᠷᠣᠭᠤᠯᠵᠠᠢ᠃

ᠣᠢᠯᠠᠭᠠᠭᠰᠠᠨ᠎ᠢᠶᠠᠷ᠂ ᠲᠣᠰ ᠤᠳᠠᠭᠠᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠢᠨ᠎ᠡ ᠲᠥᠷᠥ᠎ᠶᠢᠨ ᠪᠣᠳᠣᠯᠭ᠎ᠠ᠎ᠶᠢᠨ ᠬᠡᠷᠡᠭᠵᠢᠭᠦᠯᠦᠯᠲᠡ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠶᠢᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠠᠲᠤ ᠪᠣᠶ ᠪᠣᠯᠭᠠᠨ ᠦᠢᠯᠡᠳᠦᠯᠭᠡᠵᠢᠭᠦᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠭᠦᠯᠵᠢᠯ᠎ᠦᠨ ᠬᠣᠷᠢᠶ᠎ᠠ᠎ᠳᠤ ᠭᠦᠨᠵᠡᠭᠡᠢᠷᠡᠨ 《ᠲᠤᠬᠠᠢᠯᠠᠭᠰᠠᠨ ᠠᠵᠢᠯ᠎ᠤᠨ ᠬᠠᠮᠵᠢᠯᠴᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠡᠬᠡ ᠨᠢᠯᠬᠠᠰ᠎ᠤᠨ ᠡᠷᠡᠭᠦᠯ ᠮᠡᠨᠳᠦ᠎ᠶᠢ ᠬᠠᠯᠠᠮᠵᠢᠯᠠᠬᠤ》ᠪᠠᠢᠴᠠᠭᠠᠨ ᠰᠤᠳᠤᠯᠤᠯᠲᠠ ᠥᠷᠨᠢᠭᠦᠯᠵᠦ᠂ ᠡᠮᠡᠭᠲᠡᠢᠴᠦᠳ᠎ᠦᠨ ᠬᠥᠩᠭᠡᠵᠢᠵᠦ ᠡᠮᠨᠡᠭᠦᠯᠬᠦ ᠬᠡᠷᠡᠭᠴᠡᠭᠡ ᠱᠠᠭᠠᠷᠳᠠᠯᠭ᠎ᠠ᠎ᠶᠢ ᠣᠨᠣᠪᠴᠢᠲᠠᠶ ᠣᠢᠯᠠᠭᠠᠨ ᠲᠣᠳᠣᠯᠠᠵᠤ᠂ ᠡᠬᠡ ᠨᠢᠯᠬᠠᠰ᠎ᠤᠨ ᠡᠷᠡᠭᠦᠯ ᠮᠡᠨᠳᠦ᠎ᠶᠢᠨ ᠪᠠᠲᠤᠯᠠᠭ᠎ᠠ᠎ᠶᠢᠨ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠬᠤ ᠴᠢᠬᠤᠯᠠ ᠶᠡᠬᠡ ᠠᠷᠭ᠎ᠠ ᠬᠡᠮᠵᠢᠶ᠎ᠡ ᠪᠣᠯᠬᠤ ᠪᠥᠭᠡᠳ ᠮᠥᠨ ᠴᠤ᠌ ᠥᠪᠥᠷ ᠮᠣᠩᠭᠣᠯ᠎ᠤᠨ ᠡᠮᠴᠢᠯᠡᠭᠡᠨ᠎ᠤ ᠪᠠᠲᠤᠯᠠᠭ᠎ᠠ᠎ᠪᠠᠷ ᠦᠷᠡᠵᠢᠯ᠎ᠳᠤ ᠨᠥᠬᠥᠷᠰᠡᠭ ᠬᠡᠯᠪᠡᠷᠢ᠎ᠶᠢᠨ ᠨᠡᠢᠭᠡᠮ᠎ᠦᠨ ᠪᠠᠢᠭᠤᠯᠤᠯᠲᠠ᠎ᠶᠢ ᠬᠠᠮᠠᠭᠠᠯᠠᠬᠤ ᠠᠮᠢᠳᠤᠯᠢᠭ᠋ ᠦᠢᠯᠡᠳᠦᠯᠭᠡ ᠪᠣᠯᠣᠨ᠎ᠠ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄
兼容浏览器的HTML页面