ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-06-02 17:25:41

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠲᠦᠷᠦᠭᠦᠭᠡᠨ ᠲᠥᠪ ᠴᠢᠩᠭ᠎ᠠ ᠢᠯᠡᠷᠬᠡᠢᠯᠡᠯᠲᠡ ᠨᠡᠢᠲᠡᠯᠡᠵᠦ᠂ ᠣᠢᠷ᠎ᠠ᠎ᠶᠢᠨ ᠬᠤᠭᠤᠴᠠᠭᠠᠨ᠎ᠳᠤ ᠢᠯᠡᠷᠡᠭᠰᠡᠨ ᠬᠤᠳᠠᠯ ᠬᠠᠭᠤᠷᠮᠠᠭ ᠠᠯᠪᠠᠨ᠎ᠤ ᠪᠢᠴᠢᠭ ᠮᠠᠲᠧᠷᠢᠶᠠᠯ᠎ᠤᠨ ᠦᠶ᠋ᠯᠡ ᠠᠵᠢᠯᠯᠠᠭ᠎ᠠ᠎ᠳᠤ ᠴᠢᠭᠯᠡᠭᠦᠯᠦᠨ ᠴᠤᠤᠷᠬᠠᠯ᠎ᠢ ᠨᠢᠴᠤᠭᠠᠵᠤ᠂ ᠡᠯ᠎ᠡ ᠭᠠᠵᠠᠷ᠎ᠤᠨ ᠬᠢᠨ᠎ᠢ ᠰᠣᠨᠣᠷ ᠰᠡᠷᠡᠮᠵᠢ᠎ᠪᠡᠨ ᠳᠡᠭᠡᠭᠰᠢᠯᠡᠭᠦᠯᠵᠦ᠂ ᠮᠡᠬᠡᠯᠡᠯ᠎ᠢ ᠰᠡᠷᠭᠡᠢᠯᠡᠭᠡᠷᠡᠢ ᠭᠡᠵᠦ ᠰᠠᠨᠠᠭᠤᠯᠪᠠ᠃

ᠵᠠᠷᠢᠮ ᠵᠣᠬᠢᠶᠠᠨ ᠪᠠᠢᠭᠤᠯᠤᠯᠲᠠ ᠪᠠ ᠬᠤᠪᠢ ᠬᠥᠮᠥᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠨᠡᠷ᠎ᠡ᠎ᠪᠡᠷ 《ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠬᠦᠭᠵᠢᠯᠲᠡ ᠵᠢᠨ ᠪᠠᠢᠯᠳᠤᠬᠤ ᠪᠤᠳᠤᠯᠭ᠎ᠠ ᠪᠠ ᠲᠦᠯᠦᠪᠵᠢᠭᠦᠯᠭᠡ ᠵᠢᠨ ᠵᠤᠷᠭᠠᠨ᠎ᠤ 〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠠᠷᠠᠳ᠎ᠤᠨ ᠠᠵᠤ ᠠᠬᠤᠢ ᠪᠣᠯᠣᠨ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠥᠲᠥᠯᠪᠦᠷᠢ〉 ᠵᠢᠨ ᠬᠠᠪᠰᠤᠷᠤᠨ ᠵᠢᠯᠤᠭᠤᠳᠬᠤ ᠤᠩᠰᠢᠬᠤ ᠪᠢᠴᠢᠭ᠎ᠢ ᠬᠢᠨᠠᠮᠠᠭᠠᠢ ᠰᠤᠷᠤᠯᠴᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠮᠡᠳᠡᠭᠳᠡᠯ》᠎ᠢ ᠬᠠᠭᠤᠷᠮᠠᠭᠯᠠᠨ ᠵᠣᠬᠢᠶᠠᠵᠤ ᠨᠡᠢᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠲᠣᠰ ᠪᠢᠴᠢᠭ ᠮᠠᠲᠧᠷᠢᠶᠠᠯ ᠪᠣᠯ ᠲᠡᠷᠡ ᠴᠢᠭ᠎ᠢᠶᠡᠷ᠎ᠢᠶᠡᠨ ᠬᠠᠭᠤᠷᠮᠠᠭᠯᠠᠨ ᠵᠣᠬᠢᠶᠠᠭᠰᠠᠨ ᠶᠠᠪᠤᠳᠠᠯ ᠮᠥᠨ᠂ ᠶᠡᠷᠦ᠎ᠡᠴᠡ ᠬᠠᠮᠢᠶ᠎ᠠ ᠪᠦᠬᠦᠢ ᠠᠵᠢᠯᠯᠠᠭ᠎ᠠ᠎ᠶᠢ ᠵᠣᠬᠢᠶᠠᠨ ᠪᠠᠢᠭᠤᠯᠵᠤ ᠥᠩᠭᠡᠷᠡᠭᠰᠡᠨ ᠦᠭᠡᠢ ᠭᠡᠵᠦ ᠲᠣᠳᠣᠷᠬᠠᠢ ᠢᠯᠡᠷᠬᠡᠢᠯᠡᠵᠡᠢ᠃

ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠡᠯ᠎ᠡ ᠭᠠᠵᠠᠷ ᠣᠷᠣᠨ᠂ ᠡᠯ᠎ᠡ ᠨᠢᠭᠡᠴᠢ ᠵᠢᠴᠢ ᠨᠡᠢᠭᠡᠮ ᠨᠡᠶ᠋ᠢᠲᠡ᠎ᠵᠢᠨ ᠬᠢᠨ ᠰᠣᠨᠣᠷ ᠰᠡᠷᠡᠮᠵᠢ᠎ᠪᠡᠨ ᠳᠡᠭᠡᠭᠰᠢᠯᠡᠭᠦᠯᠵᠦ᠂ ᠮᠡᠬᠡᠯᠡᠭᠳᠡᠬᠦ᠎ᠡᠴᠡ ᠰᠡᠷᠭᠡᠢᠯᠡᠬᠦ ᠴᠢᠬᠤᠯᠠᠲᠠᠢ᠃ ᠪᠢᠴᠢᠭ ᠮᠠᠲᠧᠷᠢᠶᠠᠯ᠎ᠢ ᠬᠠᠭᠤᠷᠮᠠᠭᠯᠠᠨ ᠵᠣᠬᠢᠶᠠᠭᠰᠠᠨ᠎ᠡᠴᠠ ᠪᠣᠯᠵᠤ ᠨᠢᠭᠡᠨᠲᠡ ᠠᠵᠤ ᠠᠬᠤᠢ᠎ᠶᠢᠨ ᠬᠣᠬᠢᠷᠠᠯ᠎ᠳᠦ ᠤᠴᠠᠷᠠᠭᠰᠠᠨ ᠪᠤᠶᠤ ᠪᠤᠰᠤᠳ ᠮᠠᠭᠤ ᠨᠥᠯᠥᠭᠡ ᠬᠦᠷᠲᠡᠭᠰᠡᠨ ᠪᠠᠢᠪᠠᠯ᠂ ᠴᠠᠭ ᠲᠤᠬᠠᠢ ᠳ᠋ᠤᠨᠢ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠳᠤ ᠬᠡᠷᠡᠭ ᠮᠡᠳᠡᠭᠦᠯᠬᠦ᠎ᠶᠢᠨ ᠬᠠᠮᠲᠤ ᠰᠦᠪᠡᠭᠴᠢ ᠬᠠᠩᠭᠠᠵᠤ᠂ ᠦᠪᠠᠷᠰᠡᠳ᠎ᠤᠨ ᠡᠷᠬᠡ ᠠᠰᠢᠭ᠋᠎ᠢᠶᠠᠨ ᠬᠠᠤᠯᠢ ᠶᠣᠰᠣᠭᠠᠷ ᠬᠠᠮᠠᠭᠠᠯᠠᠭᠠᠷᠠᠢ ᠭᠡᠵᠦ ᠰᠠᠨᠠᠭᠤᠯᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠰᠦᠯᠵᠢᠶ᠎ᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄
兼容浏览器的HTML页面