2026-06-08 19:25:39
ᠰᠢᠯᠭᠠᠭᠤᠯᠤᠭ᠍ᠰᠠᠳ᠎ᠤᠨ ᠰᠢᠯᠭᠠᠯᠲᠠ ᠳ᠋ᠤ ᠰᠡᠳᠬᠢᠯ ᠲᠣᠭᠲᠠᠭᠤᠨ ᠢᠶᠠᠷ ᠤᠷᠤᠯᠴᠠᠬᠤ ᠳ᠋ᠤ ᠬᠦᠴᠦᠨ ᠨᠡᠮᠡᠷᠢᠯᠡᠵᠤ᠂ ᠰᠢᠯᠭᠠᠭᠤᠯᠤᠭ᠍ᠴᠢ ᠵᠢᠴᠢ ᠭᠡᠷ᠎ᠦᠨ ᠠᠬᠠᠮᠠᠳ᠎ᠤᠨ ᠰᠡᠳᠬᠢᠴᠡ᠎ᠶᠢᠨ ᠳᠠᠷᠤᠭᠠᠰᠤ᠎ᠶᠢ ᠪᠦᠲᠦᠮᠵᠢᠲᠡᠶ ᠬᠦᠩᠭᠡᠷᠡᠭᠦᠯᠬᠦ ᠵᠢᠨ ᠲᠥᠯᠥᠭᠡ᠂ ᠥᠪᠥᠷ ᠮᠣᠩᠭᠣᠯ᠎ᠤᠨ ᠡᠪᠯᠡᠯ᠎ᠦᠨ ᠬᠣᠷᠢᠶ᠎ᠠ᠎ᠶᠢᠨ 12355 ᠵᠠᠯᠠᠭᠤᠴᠤᠳ ᠪᠠᠭᠠᠴᠤᠳ᠎ᠤᠨ ᠦᠢᠯᠡᠴᠢᠯᠡᠭᠡᠨ᠎ᠦ ᠲᠠᠪᠴᠠᠩ ᠨᠢ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠳ᠋ᠤ ᠳᠡᠪᠰᠢᠬᠦ ᠰᠢᠯᠭᠠᠯᠲᠠ ᠪᠠ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠰᠡᠳᠬᠢᠴᠡ᠎ᠶᠢᠨ ᠳᠠᠷᠤᠭᠠᠰᠤ ᠵᠢ ᠬᠦᠩᠭᠡᠷᠡᠭᠦᠯᠬᠦ ᠲᠤᠰᠬᠠᠢ ᠤᠲᠠᠰᠤ ᠵᠢ ᠨᠠᠪᠲᠠᠷᠡᠭᠦᠯᠪᠡ᠃ ᠲᠤᠰᠬᠠᠢ ᠤᠲᠠᠰᠤ ᠨᠢ ᠲᠤᠰᠬᠠᠢ ᠮᠡᠷᠭᠡᠵᠢᠯ᠎ᠦᠨ ᠰᠡᠳᠬᠢᠴᠡ᠎ᠶᠢᠨ ᠵᠥᠪᠯᠡᠯᠭᠡ ᠥᠭᠬᠦ ᠪᠠᠭ᠍ᠰᠢ᠎ᠶᠢᠨ ᠬᠦᠴᠦᠨ᠎ᠳᠦ ᠲᠦᠰᠢᠭᠯᠡᠨ᠂ ᠰᠢᠯᠭᠠᠭᠤᠯᠤᠭ᠍ᠴᠢ ᠵᠢᠴᠢ ᠭᠡᠷ᠎ᠦᠨ ᠠᠬᠠᠮᠠᠳ᠎ᠲᠤ ᠰᠡᠳᠬᠢᠴᠡ᠎ᠶᠢᠨ ᠵᠢᠯᠣᠭᠣᠳᠤᠯᠭ᠎ᠠ ᠬᠢᠬᠦ᠂ ᠳᠠᠷᠤᠭᠠᠰᠤ ᠵᠢ ᠵᠣᠬᠢᠴᠠᠭᠤᠯᠬᠤ ᠵᠡᠷᠭᠡ 7 × 24 ᠴᠠᠭ᠎ᠤᠨ ᠰᠦᠯᠵᠢᠶᠡᠨ ᠳᠡᠭᠡᠷᠡᠬᠢ ᠨᠡᠶ᠋ᠢᠲᠡ᠎ᠶᠢᠨ ᠠᠰᠠᠷᠠᠮᠵᠢ᠎ᠶᠢᠨ ᠦᠢᠯᠡᠴᠢᠯᠡᠭᠡ ᠬᠠᠩᠭᠠᠵᠤ᠂ ᠰᠢᠯᠭᠠᠯᠲᠠ᠎ᠠᠴᠠ ᠡᠮᠦᠨᠡᠬᠢ ᠰᠡᠳᠬᠢᠴᠡ᠎ᠶᠢᠨ ᠡᠷᠡᠭᠦᠯ ᠮᠡᠨᠳᠦ᠎ᠶᠢ ᠬᠠᠪᠰᠤᠷᠤᠨ ᠲᠡᠳᠬᠦᠬᠦ ᠰᠠᠭᠠᠳ ᠦᠭᠡᠢ ᠵᠠᠮ᠎ᠢ ᠨᠠᠪᠲᠠᠷᠡᠭᠦᠯᠵᠦ᠂ ᠰᠡᠳᠬᠢᠯ᠎ᠢ ᠳᠤᠯᠠᠭᠠᠴᠠᠭᠤᠯᠬᠤ ᠲᠤᠰᠬᠠᠢ ᠦᠢᠯᠡᠴᠢᠯᠡᠭᠡ ᠪᠡᠷ ᠰᠤᠷᠤᠭ᠍ᠴᠢᠳ ᠢ ᠰᠠᠬᠢᠨ ᠬᠠᠮᠠᠭᠠᠯᠠᠵᠤ ᠯᠠᠪᠳᠠᠭᠤᠨ ᠲᠣᠭᠲᠠᠭᠤᠨ᠎ᠢᠶᠠᠷ ᠰᠢᠯᠭᠠᠯᠲᠠ᠎ᠳᠤ ᠣᠷᠣᠯᠴᠠᠭᠤᠯᠬᠤ ᠪᠣᠯᠣᠨ᠎ᠠ᠃
ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠳ᠋ᠤ ᠳᠡᠪᠰᠢᠬᠦ ᠰᠢᠯᠭᠠᠯᠲᠠ ᠪᠠ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠰᠡᠳᠬᠢᠴᠡ᠎ᠶᠢᠨ ᠳᠠᠷᠤᠭᠠᠰᠤ ᠵᠢ ᠬᠦᠩᠭᠡᠷᠡᠭᠦᠯᠬᠦ ᠲᠤᠰᠬᠠᠢ ᠤᠲᠠᠰᠤ ᠳ᠋ᠤ ᠥᠪᠥᠷ ᠮᠣᠩᠭᠣᠯ᠎ᠤᠨ ᠡᠪᠯᠡᠯ᠎ᠦᠨ ᠬᠣᠷᠢᠶ᠎ᠠ᠎ᠶᠢᠨ 12355 ᠵᠠᠯᠠᠭᠤᠴᠤᠳ ᠪᠠᠭᠠᠴᠤᠳ᠎ᠤᠨ ᠦᠢᠯᠡᠴᠢᠯᠡᠭᠡᠨ᠎ᠦ ᠲᠠᠪᠴᠠᠩ᠎ᠤᠨ ᠰᠡᠳᠬᠢᠴᠡ᠎ᠶᠢᠨ ᠵᠥᠪᠯᠡᠯᠭᠡ ᠥᠭᠭᠦᠭᠴᠢ᠎ᠶᠢᠨ ᠪᠦᠯᠬᠦᠮ᠎ᠤᠨ ᠬᠢᠨ ᠰᠢᠯᠭᠠᠭᠤᠯᠤᠭ᠍ᠴᠢ ᠪᠠ ᠭᠡᠷ᠎ᠦᠨ ᠠᠬᠠᠮᠠᠳ᠎ᠤᠨ ᠰᠢᠯᠭᠠᠯᠲᠠ᠎ᠠᠴᠠ ᠡᠮᠦᠨᠡᠬᠢ ᠳᠠᠷᠤᠭᠠᠰᠤ᠎ᠶᠢᠨ ᠲᠤᠬᠠᠢ ᠵᠢᠯᠣᠭᠣᠳᠤᠯᠭ᠎ᠠ᠎ᠶᠢ ᠰᠦᠯᠵᠢᠶᠡᠨ ᠳᠡᠭᠡᠷ᠎ᠡ ᠨᠢᠭᠡᠳ ᠨᠢᠭᠡ᠎ᠪᠡᠷ ᠭᠥᠯᠢᠶᠡᠨ ᠠᠪᠴᠤ ᠬᠠᠷᠢᠭᠤᠯᠤᠨ᠎ᠠ᠃ ᠲᠤᠰᠬᠠᠢ ᠤᠲᠠᠰᠤ ᠵᠢᠨ ᠨᠣᠮᠧᠷ ᠨᠢ 0471—12355 ᠪᠠᠢᠵᠤ᠂ ᠠᠪᠢᠶᠠᠨ᠎ᠤ ᠰᠠᠨᠠᠭᠤᠯᠤᠮᠵᠢ᠎ᠪᠠᠷ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠳ᠋ᠤ ᠳᠡᠪᠰᠢᠬᠦ ᠰᠢᠯᠭᠠᠯᠲᠠ ᠪᠠ ᠶᠡᠬᠡ ᠳᠡᠭᠡᠳᠦ ᠰᠤᠷᠭᠠᠭᠤᠯᠢ ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠰᠡᠳᠬᠢᠴᠡ᠎ᠶᠢᠨ ᠳᠠᠷᠤᠭᠠᠰᠤ ᠵᠢ ᠬᠦᠩᠭᠡᠷᠡᠭᠦᠯᠬᠦ 1 ᠳ᠋ᠤᠭᠡᠷ ᠲᠤᠰᠬᠠᠢ ᠤᠲᠠᠰᠤ ᠵᠢ ᠰᠢᠯᠵᠢᠭᠦᠯᠦᠨ ᠵᠠᠯᠭᠠᠭᠠᠷᠠᠢ᠃
ᠢᠷᠡᠯᠲᠡ ᠄ ᠲᠠᠯ᠎ᠠ ᠨᠤᠲᠤᠬ᠎ᠤᠨ ᠡᠭᠦᠯᠡ ᠰᠢᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃