2026-06-11 10:55:14
ᠰᠢᠨᠬᠤᠸᠠ ᠬᠣᠷᠢᠶᠠᠨ᠎ᠤ ᠰᠤᠷᠪᠤᠯᠵᠢᠯᠠᠭᠴᠢ 9᠎ᠦ ᠡᠳᠦᠷ ᠪᠠᠴᠢᠮ ᠪᠠᠶ᠋ᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ᠎ᠠᠴᠠ ᠤᠢ᠌ᠯᠠᠭᠠᠭᠰᠠᠠᠵᠢᠨᠷ᠂ ᠲᠥᠪ᠎ᠦᠨ ᠠᠶᠤᠯᠭᠦᠢ ᠦᠢᠯᠡᠳᠪᠦᠷᠢᠯᠡᠯ᠎ᠦᠨ ᠰᠢᠯᠭᠠᠨ ᠪᠠᠶ᠋ᠢᠴᠠᠭᠠᠯᠲᠠ ᠲᠣᠭᠣᠷᠢᠨ ᠪᠠᠶ᠋ᠢᠴᠠᠭᠠᠯᠲᠠ᠎ᠶᠢᠨ ᠬᠣᠶᠠᠳᠤᠭᠠᠷ᠂ ᠭᠤᠷᠪᠠᠳᠤᠭᠠᠷ ᠤᠯᠠᠷᠢᠯ᠎ᠳᠡᠬᠢ ᠢᠯᠠ ᠪᠡᠷ ᠪᠠᠶ᠋ᠢᠴᠠᠭᠠᠵᠦ ᠳᠠᠯᠳᠠᠭᠤᠷ ᠰᠤᠷᠪᠤᠯᠵᠢᠯᠠᠬᠤ ᠠᠵᠢᠯ ᠡᠬᠢᠯᠡᠬᠦ ᠪᠡᠷ ᠪᠠᠶ᠋ᠢᠨ᠎ᠠ᠃
ᠣᠶ᠋ᠢᠯᠠᠭᠠᠭᠰᠠᠨ᠎ᠢᠶᠠᠷ᠂ ᠲᠥᠪ᠎ᠦᠨ ᠠᠶᠤᠯᠭᠦᠢ ᠦᠢᠯᠡᠳᠪᠦᠷᠢᠯᠡᠯ᠎ᠦᠨ ᠰᠢᠯᠭᠠᠨ ᠪᠠᠶ᠋ᠢᠴᠠᠭᠠᠯᠲᠠ ᠲᠣᠭᠣᠷᠢᠨ ᠪᠠᠶ᠋ᠢᠴᠠᠭᠠᠯᠲᠠ᠎ᠶᠢᠨ ᠳᠤᠭᠤᠶ᠋ᠢᠯᠠᠩ᠎ᠤᠨ ᠳᠠᠷᠤᠭ᠎ᠠ᠎ᠶᠢᠨ ᠠᠵᠢᠯ᠎ᠤᠨ ᠶᠠᠷᠢᠯᠴᠠᠬᠤ ᠬᠤᠷᠠᠯ 8᠎ᠤ ᠡᠳᠦᠷ ᠬᠤᠷᠠᠯᠳᠤᠵᠤ᠂ ᠣᠶ᠋ᠢᠷ᠎ᠠ᠎ᠶᠢᠨ ᠬᠤᠭᠤᠴᠠᠭᠠᠨ᠎ᠤ ᠡᠨᠳᠡᠯ᠎ᠡᠴᠡ ᠭᠦᠨᠵᠡᠭᠡᠶ ᠰᠤᠷᠭᠠᠮᠵᠢ ᠠᠪᠴᠤ᠌᠂ ᠤᠯᠠᠷᠢᠯ ᠪᠦᠷᠢ ᠵᠢᠨ ᠢᠯᠡ᠎ᠪᠡᠷ ᠪᠠᠶ᠋ᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ᠎ᠢ ᠴᠢᠩᠭ᠎ᠠ ᠪᠣᠳᠠᠲᠠᠶ ᠨᠠᠷᠢᠯᠢᠭ ᠰᠠᠶ᠋ᠢᠲᠤᠷ ᠬᠢᠵᠦ᠍᠂ ᠰᠢᠭᠤᠳ ᠲᠤᠬᠠᠶ᠎ᠶᠢᠨ ᠲᠠᠯᠠᠪᠤᠷ᠎ᠲᠤ᠌ ᠬᠦᠷᠴᠦ᠍᠂ ᠭᠦᠨᠵᠡᠭᠡᠶ ᠠᠭᠤᠳᠠᠯᠵᠤ ᠨᠠᠷᠢᠨ ᠪᠠᠶ᠋ᠢᠴᠠᠭᠠᠵᠤ᠂ ᠠᠭᠤᠷᠬᠠᠶ᠂ ᠬᠢᠮᠢ᠎ᠶᠢᠨ ᠠᠵᠤ ᠦᠢᠯᠡᠳᠪᠦᠷᠢ᠂ ᠬᠤᠸᠠᠷ ᠫᠤᠤᠵᠢᠩ᠂ ᠪᠠᠷᠢᠯᠭ᠎ᠠ᠎ᠶᠢᠨ ᠠᠵᠢᠯ᠂ ᠭᠠᠯ ᠰᠡᠷᠭᠡᠶ᠋ᠢᠯᠡᠵᠦ᠍ ᠭᠠᠯ ᠤᠨᠲᠠᠷᠠᠭᠠᠬᠤ᠂ ᠠᠵᠤ ᠦᠢᠯᠡᠳᠪᠦᠷᠢ ᠠᠷᠠᠯᠵᠢᠶ᠎ᠠ᠂ ᠣᠨᠴᠠ ᠲᠥᠷᠥᠯ᠎ᠦᠨ ᠲᠥᠬᠥᠭᠡᠷᠦᠮᠵᠢ ᠵᠡᠷᠭᠡ ᠭᠤᠤᠯᠳᠠᠯᠭ᠎ᠠ᠎ᠲᠠᠶ ᠠᠵᠢᠯ ᠲᠥᠷᠥᠯ᠎ᠦᠨ ᠬᠦᠷᠢᠶᠡᠨ᠎ᠡᠴᠡ ᠢᠯᠡᠷᠡᠭᠦᠯᠦᠭᠰᠡᠨ ᠨᠡᠶ᠋ᠢᠲᠡᠯᠢᠭ ᠬᠦᠨᠳᠦ ᠶᠡᠬᠡ ᠡᠨᠳᠡᠯ᠎ᠦᠨ ᠬᠡᠮ ᠰᠣᠭᠣᠭ᠎ᠢ ᠮᠤᠵᠢ᠎ᠶᠢᠨ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠳᠤ ᠰᠢᠯᠵᠢᠭᠦᠯᠦᠨ ᠲᠤᠰᠢᠶᠠᠵᠤ᠂ ᠣᠷᠣᠨ ᠨᠤᠲᠤᠭ᠎ᠤᠨ ᠵᠣᠬᠢᠶᠠᠨ ᠪᠠᠶ᠋ᠢᠭᠤᠯᠤᠯᠲᠠ᠎ᠶᠢ ᠱᠠᠯᠠᠪᠳᠠᠭᠤᠯᠤᠨ ᠪᠠᠶ᠋ᠢᠴᠠᠭᠠᠵᠤ ᠴᠡᠭᠴᠡᠯᠡᠨ ᠰᠠᠶ᠋ᠢᠵᠢᠷᠠᠭᠤᠯᠵᠤ᠂ ᠬᠠᠷᠢᠭᠤᠴᠠᠯᠭ᠎ᠠ᠎ᠶᠢ ᠨᠡᠭᠡᠮᠵᠢᠯᠡᠵᠦ᠂ ᠴᠢᠩᠭ᠎ᠠ ᠰᠢᠢᠳᠪᠦᠷᠢᠯᠡᠬᠦ᠌ ᠬᠡᠷᠡᠭᠲᠡᠶ ᠭᠡᠵᠦ᠍ ᠴᠢᠬᠤᠯᠠᠴᠢᠯᠠᠪᠠ᠃
ᠬᠢᠨᠠᠨ ᠬᠠᠮᠢᠶᠠᠷᠴᠤ᠌ ᠬᠠᠤᠯᠢ ᠬᠡᠷᠡᠭᠵᠢᠭᠦᠯᠬᠦ᠌ ᠠᠰᠠᠭᠤᠳᠠᠯ᠎ᠤᠨ ᠲᠤᠰᠬᠠᠢ ᠪᠠᠶ᠋ᠢᠴᠠᠭᠠᠯᠲᠠ᠎ᠶᠢ ᠥᠷᠨᠢᠭᠦᠯᠵᠦ᠍᠂ ᠪᠠᠶ᠋ᠢᠴᠠᠭᠠᠨ ᠵᠠᠰᠠᠬᠤ᠎ᠶᠢ ᠨᠢᠭᠡ ᠴᠤᠬᠴᠠᠵᠢᠭᠤᠯᠬᠤ ᠵᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ᠎ᠦᠨ ᠬᠠᠤᠯᠢ ᠪᠤᠰᠤ ᠪᠠ ᠬᠤᠳᠠᠯ ᠬᠡᠯᠡᠵᠦ᠍ ᠬᠠᠭᠤᠷᠮᠠᠭᠯᠠᠬᠤ ᠵᠡᠷᠭᠡ ᠠᠵᠢᠯᠯᠠᠭ᠎ᠠ ᠵᠢᠴᠢ ᠠᠶᠤᠯᠭᠦᠢ ᠦᠢᠯᠡᠳᠪᠦᠷᠢᠯᠡᠯ᠎ᠦᠨ ᠬᠦᠷᠢᠶᠡᠨ᠎ᠳᠡᠬᠢ ᠰᠤᠷᠲᠠᠯ᠎ᠤᠨ ᠢᠯᠵᠢᠷᠡᠯ ᠵᠡᠷᠭᠡ ᠳᠤᠪᠤᠢ᠌ᠮ᠎ᠠ ᠠᠰᠠᠭᠤᠳᠠᠯ᠎ᠢ ᠴᠢᠩᠭ᠎ᠠ ᠪᠠᠶ᠋ᠢᠴᠠᠭᠠᠨ ᠰᠢ᠌ᠳᠪᠦᠷᠢᠯᠡᠬᠦ᠌ ᠬᠡᠷᠡᠭᠲᠡᠢ᠃ ᠵᠠᠭᠤᠴᠢᠯᠠᠭᠤᠷᠵᠢᠠᠷ ᠳᠠᠮᠵᠢᠨ ᠢᠯᠡ᠎ᠪᠡᠷ ᠢᠯᠡᠴᠢᠯᠡᠬᠦ᠌ ᠪᠠ ᠤᠬᠠᠭᠤᠯᠤᠨ ᠮᠡᠳᠡᠭᠡᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠬᠦᠨᠳᠦ ᠶᠡᠬᠡ ᠡᠨᠳᠡᠯ᠎ᠦᠨ ᠬᠡᠮ ᠰᠣᠭᠣᠭ ᠪᠠ ᠬᠠᠤᠯᠢ ᠲᠣᠭᠲᠠᠭᠠᠯ᠎ᠠᠴᠠ ᠵᠥᠷᠢᠴᠡᠭᠰᠡᠨ ᠨᠡᠶ᠋ᠢᠲᠡᠯᠢᠭ ᠦᠢᠯᠡ ᠠᠵᠢᠯᠯᠠᠭ᠎ᠠ᠎ᠶᠢ ᠢᠯᠡᠴᠢᠯᠡᠵᠦ᠍᠂ ᠵᠠᠭᠤᠴᠢᠯᠠᠭᠤᠷ᠎ᠤᠨ ᠬᠢᠨᠠᠯᠲᠠ ᠲᠠᠯᠪᠢᠬᠤ ᠦᠢᠯᠡᠳᠦᠯ᠎ᠢ ᠦᠨᠡᠨᠬᠦ᠌ ᠰᠠᠶ᠋ᠢᠲᠤᠷ ᠪᠠᠳᠠᠷᠠᠭᠤᠯᠵᠤ᠂ ᠰᠦᠷᠳᠡᠭᠦᠯᠦᠨ ᠬᠣᠷᠢᠭᠯᠠᠬᠤ ᠦᠷ᠎ᠡ ᠪᠦᠲᠦᠮᠵᠢ᠎ᠶᠢ ᠬᠦᠴᠦᠲᠡᠶ ᠪᠠᠳᠠᠷᠠᠭᠤᠯᠤᠨ᠎ᠠ᠃
ᠢᠷᠡᠯᠳᠠ᠄ ᠰᠢᠨᠬᠤᠸᠠ ᠰᠦᠯᠵᠢᠶ᠎ᠠ ᠵᠢᠨ ᠰᠢᠯᠵᠢᠶ᠎ᠠ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃