ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-06-11 16:33:41

ᠵᠣᠬᠢᠶᠠᠭ᠍ᠴᠢ᠄ ᠰᠢᠨᠡᠪᠢᠯᠢᠭ ᠣᠩᠱᠢᠭ᠍ᠰᠠᠨ ᠣᠳᠠᠭ᠎ᠠ᠄

ᠤᠢᠷ᠎ᠠ ᠳ᠋ᠸ᠋᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠤᠯᠤᠰ ᠲᠥᠷᠥ᠎ᠶ᠋ᠢᠨ ᠬᠡᠯᠲᠡᠰ᠎ᠡᠴᠡ ᠭᠤᠤᠯᠯᠠᠨ ᠡᠷᠭᠢᠯᠡᠵᠦ᠍᠂ ᠰᠣᠨᠢᠨ ᠮᠡᠳᠡᠭᠡ ᠤᠬᠠᠭᠤᠯᠭ᠎ᠠ᠎ᠶ᠋ᠢᠨ ᠭᠠᠵᠠᠷ ᠪᠠ ᠥᠪᠥᠷ ᠮᠣᠩᠭᠣᠯ᠎ᠤᠨ ᠳᠣᠲᠣᠭᠠᠳᠤ᠎ᠶ᠋ᠢ ᠬᠠᠮᠠᠭᠠᠯᠠᠬᠤ ᠤᠳᠭ᠎ᠠ ᠤᠷᠠᠯᠢᠭ᠎ᠤᠨ ᠬᠤᠯᠪᠤᠭ᠎ᠠ ᠡᠴᠨ ᠳᠠᠭᠠᠭᠠᠴᠢᠯᠠᠨ ᠡᠷᠭᠢᠯᠡᠭ᠌ᠰᠡᠨ 《ᠪᠠᠭᠠᠲᠤᠷ ᠵᠢᠱ᠌ᠢᠶᠡᠴᠢ᠎ᠶ᠋ᠢᠨ ᠥᠯᠢᠭᠡᠷ᠎ᠢ ᠰᠣᠨᠣᠰᠴᠤ᠌·ᠦᠨᠡᠨᠴᠢ ᠰᠢᠳᠤᠷᠭᠤ ᠵᠢᠨ ᠬᠦᠴᠦᠨ᠎ᠢ ᠰᠡᠢᠯᠬᠦ》 — 《ᠦᠨᠡᠨᠴᠢ ᠱᠢᠳᠤᠷᠭᠤ ᠵᠢᠨ ᠢᠮ ᠲᠠᠮᠠᠭ᠎ᠠ》 ᠪᠠ 《ᠴᠠᠭ᠍ᠳᠠᠭ᠎ᠠ ᠪᠤᠶᠠᠨ᠄ ᠮᠠᠯᠴᠢᠨ ᠤ᠋ ᠬᠦᠦ᠍᠎ᠡᠴᠨ ᠳᠣᠲᠣᠭᠠᠳᠤ᠎ᠶ᠋ᠢ ᠬᠠᠮᠠᠭᠠᠯᠠᠬᠤ ᠪᠠᠭᠠᠲᠤᠷ ᠵᠢᠱ᠌ᠢᠶᠡᠴᠢ ᠬᠦᠷᠲᠡᠯ᠎ᠡ》 ᠭᠡᠬᠦ᠌ ᠱᠢᠨ᠎ᠡ ᠨᠣᠮ᠎ᠢ ᠨᠡᠢᠲᠡᠯᠡᠬᠦ᠌ ᠬᠤᠷᠠᠯ ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠳᠤ ᠶᠠᠪᠤᠭ᠍ᠳᠠᠪᠠ᠃


QQ截图20260611163536.png


QQ截图20260611163558.png


ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠡᠴᠨ ᠵᠣᠬᠢᠶᠠᠨ ᠪᠠᠢᠭᠤᠯᠵᠤ ᠨᠠᠢᠷᠠᠭᠤᠯᠤᠨ ᠬᠡᠪᠯᠡᠭᠦᠯᠦᠭ᠌ᠰᠡᠨ 《ᠦᠨᠡᠨᠴᠢ ᠱᠢᠳᠤᠷᠭᠤ᠎ᠶ᠋ᠢᠨ ᠢᠮ ᠲᠠᠮᠠᠭ᠎ᠠ》᠂ 《ᠴᠠᠭ᠍ᠳᠠᠭ᠎ᠠ ᠪᠤᠶᠠᠨ᠄ ᠮᠠᠯᠴᠢᠨ ᠤ᠋ ᠬᠦᠦ᠍᠎ᠡᠴᠨ ᠳᠣᠲᠣᠭᠠᠳᠤ᠎ᠶ᠋ᠢ ᠬᠠᠮᠠᠭᠠᠯᠠᠬᠤ ᠪᠠᠭᠠᠲᠤᠷ ᠵᠢᠱ᠌ᠢᠶᠡᠴᠢ ᠬᠦᠷᠲᠡᠯ᠎ᠡ》 ᠭᠡᠬᠦ᠌ ᠬᠣᠶᠠᠷ ᠮᠡᠳᠡᠭᠡᠯᠡᠯ ᠤ᠋ᠨ ᠤᠷᠠᠨ ᠵᠣᠬᠢᠶᠠᠯ᠎ᠤᠨ ᠨᠣᠮ ᠨᠢ ᠪᠤᠳᠠᠳᠠᠢ ᠲᠡᠮᠳᠡᠭ᠌ᠯᠡᠯ᠎ᠢᠶᠡᠷ ᠥᠪᠥᠷ ᠮᠣᠩᠭᠣᠯ᠎ᠤᠨ ᠳᠣᠲᠣᠭᠠᠳᠤ ᠵᠢ ᠬᠠᠮᠠᠭᠠᠯᠠᠬᠤ ᠪᠠᠭᠠᠲᠤᠷ ᠵᠢᠱ᠌ᠢᠶᠡᠴᠢ᠎ᠶ᠋ᠢᠨ ᠲᠡᠷᠢᠭᠦᠨ᠎ᠦ ᠦᠢᠯᠡ ᠠᠵᠢᠯᠯᠠᠭ᠎ᠠ᠎ᠶ᠋ᠢ ᠪᠢᠴᠢᠭᠯᠡᠨ᠂ ᠥᠪᠥᠷ ᠮᠣᠩᠭᠣᠯ᠎ᠤᠨ ᠳᠣᠲᠣᠭᠠᠳᠤ᠎ᠶ᠋ᠢ ᠬᠠᠮᠠᠭᠠᠯᠠᠬᠤ ᠰᠣᠶᠣᠯ᠎ᠤᠨ ᠪᠠᠢᠭᠤᠯᠤᠯᠲᠠ᠎ᠶ᠋ᠢᠨ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ ᠪᠣᠯᠵᠠᠢ᠃ ᠵᠣᠬᠢᠶᠠᠯ ᠪᠦᠲᠦᠭᠡᠯ᠎ᠢᠶᠡᠨ ᠴᠢᠨᠠᠷ ᠰᠠᠢᠲᠠᠶ ᠪᠡᠶᠡᠯᠡᠭᠦᠯᠬᠦ᠌᠎ᠶ᠋ᠢᠨ ᠲᠥᠯᠥᠭᠡ᠂ ᠥᠪᠥᠷ ᠮᠣᠩᠭᠣᠯ᠎ᠤᠨ ᠳᠣᠲᠣᠭᠠᠳᠤ᠎ᠶ᠋ᠢ ᠬᠠᠮᠠᠭᠠᠯᠠᠬᠤ ᠤᠳᠭ᠎ᠠ ᠤᠷᠠᠯᠢᠭ᠎ᠤᠨ ᠬᠤᠯᠪᠤᠭ᠎ᠠ᠎ᠡᠴᠨ ᠵᠣᠬᠢᠶᠠᠯᠴᠢᠳ᠎ᠢ ᠵᠣᠬᠢᠶᠠᠨ ᠪᠠᠢᠭᠤᠯᠵᠤ᠂ ᠦᠨᠳᠦᠰᠦᠨ ᠱᠠᠲᠤᠨ᠎ᠤ ᠲᠤᠮᠢᠯᠠᠬᠰᠠᠨ ᠰᠠᠯᠪᠤᠷᠢ᠂ ᠮᠠᠯᠵᠢᠬᠤ ᠣᠷᠣᠨ᠂ ᠬᠢᠯᠢ᠎ᠶ᠋ᠢᠨ ᠡᠮᠦᠨ᠎ᠡ ᠹᠷᠤᠨᠲ ᠲᠸ᠋ ᠬᠦᠨᠵᠡᠬᠡᠢᠷᠡᠬᠦᠯᠦᠨ ᠲᠤᠬᠠᠶ᠎ᠶ᠋ᠢᠨ ᠭᠠᠵᠠᠷ᠎ᠲᠤᠨᠢ ᠰᠤᠷᠪᠤᠯᠵᠢᠯᠠᠵᠤ ᠠᠮᠢᠳᠤᠷᠠᠯ᠎ᠢ ᠤᠢᠯᠠᠭᠠᠵᠦ᠂ ᠠᠭᠤᠯᠭ᠎ᠠ᠎ᠨᠢ ᠦᠨᠡᠨ ᠪᠣᠳᠠᠲᠠᠶ᠂ ᠣᠯᠠᠨ ᠲᠦᠮᠡᠨ᠎ᠲᠡᠶ ᠣᠢᠷᠠᠲᠤᠭ᠍ᠰᠠᠨ ᠱᠢᠯᠢᠳᠡᠭ ᠪᠦᠲᠦᠭᠡᠯ᠎ᠢ ᠵᠣᠬᠢᠶᠠᠨ ᠪᠦᠲᠦᠭᠡᠪᠡ᠃




《ᠦᠨᠡᠨᠴᠢ ᠰᠢᠳᠤᠷᠭᠤ ᠵᠢᠨ ᠢᠮ ᠲᠠᠮᠠᠭ᠎ᠠ》 ᠨᠢ ᠪᠤᠶᠠᠨᠳᠡᠯᠭᠡᠷ᠂ ᠰᠡᠷᠭᠦᠯᠡᠩ᠂ ᠮᠠ ᠴᠦᠨ ᠢᠦᠢ᠂ ᠡᡁᠦ᠋ᠸᠸ ᠶᠣᠣ ᠮᠢᠩ᠂ ᠵᠦ᠍ ᠶᠤᠸᠠᠨ᠂ ᠯᠢᠦ ᠠᠨ ᠵᠡᠷᠭᠡ ᠳᠣᠲᠣᠭᠠᠳᠤ᠎ᠶ᠋ᠢ ᠬᠠᠮᠠᠭᠠᠯᠠᠬᠤ 6 ᠪᠠᠭᠠᠲᠤᠷ ᠵᠢᠱ᠌ᠢᠶᠡᠴᠢ ᠬᠢᠬᠡᠳ 《ᠱᠤᠩᠬᠤᠷ》 ᠮᠣᠷᠢᠲᠤ ᠴᠠᠭ᠍ᠳᠠᠭ᠎ᠠ᠎ᠶ᠋ᠢᠨ ᠠᠩᠬᠢ᠂ ᠲᠤᠢᠭ ᠰᠢᠯᠢ ᠳ᠋ᠡᠬᠢ ᠬᠢᠯᠢ᠎ᠶ᠋ᠢᠨ ᠲᠣᠮᠢᠯᠠᠭ᠍ᠰᠠᠨ ᠰᠠᠯᠪᠤᠷᠢ ᠵᠡᠷᠭᠡ 2 ᠲᠡᠷᠢᠭᠦᠨ᠎ᠦ ᠬᠠᠮᠲᠤ ᠵᠢᠨ ᠬᠢᠯᠢ ᠬᠢᠵᠠᠭᠠᠷ᠎ᠲᠤ ᠦᠨᠳᠦᠰᠦᠯᠡᠵᠦ᠍᠂ ᠤᠯᠠᠨ ᠲᠦᠮᠡᠨ᠎ᠳᠦ ᠦᠢᠯᠡᠴᠢᠯᠡᠵᠦ᠍᠂ ᠠᠮᠤᠷ ᠲᠣᠭ᠍ᠲᠠᠭᠤᠨ᠎ᠢ ᠬᠠᠮᠠᠭᠠᠯᠠᠭ᠍ᠰᠠᠨ ᠥᠩᠭᠡᠷᠡᠯᠲᠡ᠎ᠶ᠋ᠢ ᠪᠦᠬᠦ᠌ ᠲᠠᠯ᠎ᠠ᠎ᠪᠠᠷ ᠲᠡᠮᠳᠡᠭᠯᠡᠵᠡᠢ; 《ᠴᠠᠭ᠍ᠳᠠᠭ᠎ᠠ ᠪᠤᠶᠠᠨ᠄ ᠮᠠᠯᠴᠢᠨ ᠤ᠋ ᠬᠦᠦ᠍᠎ᠡᠴᠨ ᠳᠣᠲᠣᠭᠠᠳᠤ᠎ᠶ᠋ᠢ ᠬᠠᠮᠠᠭᠠᠯᠠᠬᠤ ᠪᠠᠭᠠᠲᠤᠷ ᠵᠢᠱ᠌ᠢᠶᠡᠴᠢ ᠬᠦᠷᠲᠡᠯ᠎ᠡ》 ᠭᠡᠬᠦ᠌ ᠪᠦᠳᠦᠬᠡᠯ ᠨᠢ ᠪᠦᠬᠦ᠌ ᠤᠯᠤᠰ᠎ᠤᠨ ᠳᠣᠲᠣᠭᠠᠳᠤ᠎ᠶ᠋ᠢ ᠬᠠᠮᠠᠭᠠᠯᠠᠬᠤ ᠱᠢᠰᠲᠸᠮ᠎ᠤᠨ ᠨᠢᠭᠡᠳᠦᠭᠡᠷ ᠳᠡᠰ᠎ᠤᠨ ᠪᠠᠭᠠᠲᠤᠷ ᠵᠢᠱ᠌ᠢᠶᠡᠴᠢ ᠪᠤᠶᠠᠨᠳᠡᠯᠭᠡᠷ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠲᠡᠭᠦᠨ᠎ᠦ ᠤᠷᠠᠳ ᠨᠤᠲᠤᠭ᠎ᠲᠤ 20 ᠭᠠᠷᠤᠢ ᠵᠢᠯ ᠨᠤᠲᠤᠭ᠍ᠰᠢᠨ᠂ ᠮᠠᠯᠵᠢᠬᠤ ᠣᠷᠣᠨ᠎ᠢᠶᠠᠨ ᠰᠠᠬᠢᠵᠤ᠂ ᠮᠠᠯᠴᠢᠳ᠎ᠲᠠᠶ ᠰᠡᠳᠭᠢᠯ ᠵᠢᠷᠦᠬᠡ᠎ᠪᠡᠨ ᠬᠣᠯᠪᠣᠵᠤ᠂ ᠰᠠᠯᠬᠢ ᠪᠣᠷᠣᠭᠠᠨ᠎ᠢ ᠬᠠᠢᠬᠤᠷᠤᠯ ᠦᠭᠡᠢ᠎ᠪᠡᠷ ᠠᠭᠤᠯᠠ ᠳᠠᠯ᠎ᠠ᠎ᠵᠢ ᠳᠤᠭᠤᠯᠵᠦ᠂ ᠵᠠᠭᠤᠷᠠᠯᠳᠤᠭᠠᠨ᠎ᠢ ᠡᠶᠡᠳᠡᠭᠦᠯᠦᠨ᠂ ᠥᠨᠥᠴᠢᠨ ᠪᠡᠯᠪᠡᠰᠦᠨ᠎ᠢ ᠲᠡᠳᠬᠦᠭ᠌ᠰᠡᠨ ᠰᠡᠳᠭᠢᠯ ᠬᠥᠳᠡᠯᠭᠡᠮ᠎ᠡ ᠦᠯᠢᠭᠡᠷ᠎ᠢ ᠠᠮᠢᠳᠤᠯᠢᠭ᠎ᠢᠶᠠᠷ ᠲᠤᠭᠠᠴᠢᠵᠠᠢ᠃


QQ截图20260611163645.png

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄
兼容浏览器的HTML页面