ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-06-17 16:12:48

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

ᠬᠥᠯᠥᠨ ᠪᠣᠶ᠋ᠢᠷ ᠬᠣᠲᠠ᠎ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠎ᠶᠢᠨ 《ᠳᠣᠯᠣᠳᠤᠭᠠᠷ ᠪᠦᠯᠦᠭ ᠬᠥᠯᠥᠨ ᠪᠣᠶ᠋ᠢᠷ ᠬᠣᠲᠠ᠎ᠶᠢᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠤᠯᠠᠮᠵᠢᠯᠠᠭᠴᠢ᠎ᠪᠠᠷ ᠭᠤᠶᠤᠴᠢᠯᠠᠨ ᠮᠡᠳᠡᠭᠦᠯᠬᠦ᠌ ᠠᠵᠢᠯ᠎ᠢ ᠥᠷᠨᠢᠭᠦᠯᠬᠦ᠌ ᠲᠤᠬᠠᠶ ᠮᠡᠳᠡᠭᠳᠡᠯ》 (ᠬᠥᠯᠦᠨ ᠪᠦᠢᠷ ᠬᠤᠲᠠ ᠰᠣᠶᠣᠯ ᠵᠢᠭᠤᠯᠴᠢᠯᠠᠯ ᠷᠠᠳᠢᠣ᠋ ᠲᠸᠯᠸᠢᠰ ᠪᠢᠴᠢᠭ ᠮᠠᠲᠸᠷᠢᠶᠠᠯ [2026] 2 ᠳ᠋ᠤᠭᠠᠷ ᠲᠣᠭᠠᠲᠤ᠌)᠎ᠤᠨ ᠪᠢᠴᠢᠭ ᠮᠠᠲ᠋ᠧᠷᠢᠶᠠᠯ᠎ᠤᠨ ᠱᠠᠭᠠᠷᠳᠠᠯᠭ᠎ᠠ᠎ᠶᠢ ᠦᠨᠳᠦᠰᠦᠯᠡᠨ᠂ ᠳᠣᠯᠣᠳᠤᠭᠠᠷ ᠪᠦᠯᠦᠭ ᠬᠣᠲᠠ᠎ᠶᠢᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠤᠯᠠᠮᠵᠢᠯᠠᠭᠴᠢᠳ᠎ᠢ᠎ᠰᠢᠯᠭᠠᠷᠠᠭᠤᠯᠬᠤ ᠠᠵᠢᠯ᠎ᠤᠨ ᠳᠤᠮᠳᠠ᠂ ᠰᠢᠨ᠎ᠡ ᠪᠠᠷᠭᠤ ᠪᠠᠷᠠᠭᠤᠨ ᠬᠣᠰᠢᠭᠤ ᠨᠢ ᠡᠯᠪᠡᠭ ᠳᠡᠯᠪᠡᠭ ᠦᠷ᠎ᠡ ᠪᠦᠲᠦᠭᠡᠯ ᠣᠯᠵᠤ᠂ ᠪᠥᠬᠥ᠌ ᠬᠣᠰᠢᠭᠤᠨ᠎ᠡᠴᠡ 6 ᠬᠦᠮᠦᠨ ᠬᠣᠰᠢᠭᠤᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭᠴᠢ ᠡᠴᠡ ᠪᠠᠨ ᠬᠥᠯᠥᠨ ᠪᠣᠶ᠋ᠢᠷ ᠬᠣᠲᠠ᠎ᠶᠢᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠤᠯᠠᠮᠵᠢᠯᠠᠭᠴᠢ ᠪᠠᠷ ᠦᠨᠡᠯᠡᠭᠳᠡᠵᠦ᠍᠂ ᠪᠥᠬᠥ᠌ ᠬᠣᠰᠢᠭᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠦᠪᠯᠡᠨ ᠤᠯᠠᠮᠵᠢᠯᠠᠬᠤ ᠦᠢᠯᠡᠰ᠎ᠲᠦ᠍ ᠳᠠᠬᠢᠨᠲᠠ ᠭᠤᠤᠯᠯᠠᠬᠤ ᠬᠦᠴᠦᠨ ᠨᠡᠮᠡᠷᠢᠯᠡᠪᠡ᠃

ᠲᠣᠰ ᠤᠳᠠᠭ᠎ᠠ ᠦᠨᠡᠯᠡᠭᠳᠡᠭᠰᠡᠨ ᠬᠣᠲᠠ᠎ᠶᠢᠨ ᠲᠠᠰ᠎ᠤᠨ 6 ᠤᠯᠠᠮᠵᠢᠯᠠᠭᠴᠢ᠎ᠳᠤ ᠮᠤᠩᠭᠤᠯ ᠦᠨᠳᠦᠰᠦᠲᠡᠨ᠎ᠤ ᠤᠷᠲᠤ ᠵᠢᠨ ᠳᠠᠭᠤᠤ (ᠪᠠᠷᠭᠤ ᠤᠷᠲᠤ ᠵᠢᠨ ᠳᠠᠭᠤᠤ) ᠵᠢᠨ ᠤᠯᠠᠮᠵᠢᠯᠠᠭᠴᠢ ᠪᠠᠷᠬ᠎ᠠ᠂ ᠤᠯᠠᠮᠵᠢᠯᠠᠯᠲᠤ᠌ ᠮᠤᠩᠭᠤᠯ ᠬᠢᠲᠤᠭ᠎ᠠ ᠬᠢᠬᠦ ᠤᠷ᠎ᠠ ᠮᠡᠷᠭᠡᠵᠢᠯ᠎ᠤᠨ ᠤᠯᠠᠮᠵᠢᠯᠠᠭᠴᠢ ᠬᠠᠢ ᠹᠸᠩ ᠱᠠᠨ ᠵᠡᠷᠭᠡ 4 ᠬᠥᠮᠦᠨ᠂ ᠪᠠᠷᠭᠤ ᠬᠤᠪᠴᠠᠰᠤ ᠵᠠᠰᠠᠯ᠎ᠤᠨ ᠤᠯᠠᠮᠵᠢᠯᠠᠭᠴᠢ ᠰᠤᠨᠤᠷ ᠵᠡᠷᠭᠡ ᠪᠠᠭᠲᠠᠵᠠᠢ᠃


QQ截图20260617161821.png

QQ截图20260617161836.png

QQ截图20260617161852.png

QQ截图20260617161916.png

QQ截图20260617161928.png


ᠰᠢᠨ᠎ᠡ ᠪᠠᠷᠭᠤ ᠪᠠᠷᠠᠭᠤᠨ ᠬᠣᠰᠢᠭᠤ ᠪᠣᠳᠠᠰ᠎ᠤᠨ ᠪᠤᠰᠤ ᠰᠣᠶᠣᠯ᠎ᠤᠨ ᠥᠪ᠎ᠢ ᠠᠮᠢᠳᠤ᠎ᠪᠠᠷ ᠦᠪᠯᠡᠨ ᠤᠯᠠᠮᠵᠢᠯᠠᠬᠤ ᠪᠠ ᠬᠠᠮᠠᠭᠠᠯᠠᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠦ᠍᠂ ᠳᠡᠭᠡᠳᠦ ᠱᠠᠲᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠠᠵᠢᠯ᠎ᠤᠨ ᠪᠠᠶ᠋ᠢᠷᠢᠯᠠᠭᠤᠯᠤᠯᠲᠠ᠎ᠶᠢ ᠴᠢᠩᠭ᠎ᠠ ᠨᠠᠶ᠋ᠢᠳᠠᠪᠤᠷᠢᠵᠢᠭᠤᠯᠵᠤ᠂ ᠭᠤᠶᠤᠴᠢᠯᠠᠨ ᠮᠡᠳᠡᠭᠦᠯᠵᠦ᠍ ᠬᠢᠨᠠᠨ ᠲᠣᠭᠲᠠᠭᠠᠬᠤ ᠶᠠᠪᠤᠴᠠ᠎ᠶᠢ ᠵᠢᠷᠤᠮᠵᠢᠭᠤᠯᠵᠤ᠂ ᠴᠢᠳᠠᠪᠤᠷᠢᠲᠠᠨ᠎ᠢ ᠬᠥᠮᠦᠵᠢᠭᠦᠯᠬᠦ᠌ ᠠᠷᠭ᠎ᠠ ᠬᠡᠮᠵᠢᠶ᠎ᠡ᠎ᠪᠠᠨ ᠨᠠᠷᠢᠯᠢᠬᠵᠢᠭᠤᠯᠵᠤ᠂ ᠲᠤᠬᠠᠶ᠎ᠶᠢᠨ ᠭᠠᠵᠠᠷ᠎ᠤᠨ ᠨᠡᠭᠦᠳᠡᠯ ᠮᠠᠯᠵᠢᠯ᠎ᠤᠨ ᠰᠣᠶᠣᠯ᠎ᠤᠨ ᠡᠬᠢ ᠪᠠᠶᠠᠯᠢᠭ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠢᠳᠠᠪᠤᠷᠢᠲᠠᠨ᠎ᠤ ᠡᠩᠨᠡᠭᠡ᠎ᠶᠢᠨ ᠪᠠᠶ᠋ᠢᠭᠤᠯᠤᠯᠲᠠ᠎ᠶᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ ᠪᠤᠢ᠃

ᠢᠷᠡᠯᠳᠠ᠄ ᠰᠢᠨ᠎ᠠ ᠪᠠᠷᠭᠤ ᠪᠠᠷᠠᠭᠤᠨ ᠬᠤᠰᠢᠭᠤᠨ᠎ᠤ ᠰᠤᠶᠤᠯ᠎ᠤᠨ ᠤᠷᠳᠤᠨ᠎ᠤ ᠪᠤᠳᠠᠰ᠎ᠤᠨ ᠪᠤᠰᠤ ᠰᠤᠶᠤᠯ᠎ᠤᠨ ᠦᠪ᠎ᠢ ᠬᠠᠮᠠᠭᠠᠯᠠᠬᠤ ᠳᠦᠪ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄
兼容浏览器的HTML页面