ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-06-30 11:14:09

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

2026 ᠣᠨ᠎ᠤ ᠳᠣᠣᠷ᠎ᠠ ᠬᠠᠭᠠᠰ ᠵᠢᠯ ᠎ᠦᠨ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ᠎ᠶᠢᠨ ᠬᠢᠷᠢ ᠬᠡᠮ᠎ᠦᠨ ᠰᠢᠯᠭᠠᠯᠲᠠ᠎ᠶᠢᠨ ᠪᠢᠷ᠎ᠦᠨ ᠰᠢᠯᠭᠠᠯᠲᠠ᠎ᠳᠤ ᠨᠡᠷ᠎ᠡ ᠮᠡᠳᠡᠭᠦᠯᠬᠦ ᠠᠵᠢᠯ 7 ᠰᠠᠷ᠎ᠠ᠎ᠶᠢᠨ 3 ᠎ᠤ ᠡᠳᠦᠷ᠎ᠡᠴᠡ ᠡᠬᠢᠯᠡᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭ᠍ᠴᠢ ᠡᠷᠬᠡᠪᠰᠢ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠳᠣᠣᠷ᠎ᠠ ᠬᠠᠭᠠᠰ ᠵᠢᠯ᠎ᠦᠨ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ᠎ᠶᠢᠨ ᠬᠢᠷᠢ ᠬᠡᠮ᠎ᠦᠨ ᠰᠢᠯᠭᠠᠯᠲᠠ(ᠪᠢᠷ᠎ᠦᠨ ᠰᠢᠯᠭᠠᠯᠲᠠ) ᠵᠢᠨ ᠨᠡᠷ᠎ᠡ ᠮᠡᠳᠡᠭᠦᠯᠬᠦ ᠠᠯᠪᠠᠨ ᠵᠠᠷᠯᠠᠯ 》᠎ᠢ ᠤᠷᠢᠳᠴᠢᠯᠠᠨ ᠨᠠᠷᠢᠯᠢᠭ ᠦᠵᠡᠭᠦ ᠵᠢᠨ ᠬᠠᠮᠲᠤ ᠠᠯᠪᠠᠨ ᠵᠠᠷᠯᠠᠯ᠎ᠤᠨ ᠱᠠᠭᠠᠷᠳᠠᠯᠭ᠎ᠠ᠎ᠶᠢ ᠴᠢᠩᠭ᠎ᠠ ᠵᠢᠷᠤᠮᠯᠠᠨ ᠨᠡᠷ᠎ᠡ ᠮᠡᠳᠡᠭᠦᠯᠬᠦ ᠬᠡᠷᠡᠭᠲᠡᠢ᠃

ᠨᠢᠭᠡ᠂ ᠴᠠᠭ᠎ᠤᠨ ᠲᠣᠬᠢᠷᠠᠭᠤᠯᠤᠯᠲᠠ

ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ᠄ 7 ᠰᠠᠷ᠎ᠠ᠎ᠶᠢᠨ 3 ᠎ᠤ ᠡᠳᠦᠷ᠎ᠦᠨ 10 ᠴᠠᠭ — 6 ᠎ᠤ ᠡᠳᠦᠷ᠎ᠦᠨ 17 ᠴᠠᠭ

ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ ᠴᠠᠭ᠄ 7 ᠰᠠᠷ᠎ᠠ᠎ᠶᠢᠨ 3 ᠎ᠤ ᠡᠳᠦᠷ᠎ᠦᠨ 10 ᠴᠠᠭ — 8 ᠎ᠤ ᠡᠳᠦᠷ᠎ᠦᠨ 12 ᠴᠠᠭ

ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠴᠠᠭ᠄ 7 ᠰᠠᠷ᠎ᠠ᠎ᠶᠢᠨ 3 ᠎ᠤ ᠡᠳᠦᠷ᠎ᠦᠨ 10 ᠴᠠᠭ — 8 ᠎ᠤ ᠡᠳᠦᠷ᠎ᠦᠨ 24 ᠴᠠᠭ

ᠰᠢᠯᠭᠠᠭᠤᠯᠬᠤ ᠦᠨᠡᠮᠯᠡᠯ᠎ᠢ ᠳᠠᠷᠤᠮᠠᠯᠯᠠᠬᠤ ᠴᠠᠭ᠄ 9 ᠰᠠᠷ᠎ᠠ᠎ᠶᠢᠨ 7 ᠎ᠤ ᠡᠳᠦᠷ᠎ᠦᠨ 10 ᠴᠠᠭ — 12 ᠎ᠤᠨ ᠡᠳᠦᠷ

ᠰᠢᠯᠭᠠᠯᠳᠠ ᠵᠢᠨ ᠴᠠᠭ᠄ 9 ᠰᠠᠷ᠎ᠠ᠎ᠶᠢᠨ 12 ᠎ᠤᠨ ᠡᠳᠦᠷ

ᠰᠢᠯᠭᠠᠭᠤᠯᠤᠭ᠍ᠴᠢ᠎ᠶᠢᠨ ᠠᠩᠬ᠎ᠠ ᠤᠳᠠᠭ᠎ᠠ ᠮᠡᠳᠡᠭᠡ ᠵᠠᠩᠭᠢ ᠪᠡᠨ ᠲᠠᠭᠯᠠᠨ ᠮᠡᠳᠡᠭᠦᠯᠬᠦ ᠴᠠᠭ 7 ᠰᠠᠷ᠎ᠠ᠎ᠶᠢᠨ 6 ᠎ᠤ ᠡᠳᠦᠷ᠎ᠦᠨ 17 ᠴᠠᠭ᠎ᠠᠴᠠ ᠣᠷᠣᠢ ᠪᠠᠢᠵᠦ ᠪᠣᠯᠬᠤ ᠦᠭᠡᠢ᠂ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠦᠭᠡᠢ ᠰᠢᠯᠭᠠᠭᠤᠯᠤᠭ᠍ᠴᠢ 7 ᠰᠠᠷ᠎ᠠ᠎ᠶᠢᠨ 8 ᠎ᠤ ᠡᠳᠦᠷ᠎ᠦᠨ 12 ᠴᠠᠭ᠎ᠠᠴᠠ ᠡᠮᠦᠨ᠎ᠡ ᠬᠢᠨᠠᠨ ᠬᠠᠷᠭᠤᠭᠤᠯᠬᠤ ᠪᠠᠢᠭᠤᠯᠤᠮᠵᠢ᠎ᠶᠢᠨ ᠬᠢᠨᠠᠨ ᠬᠠᠷᠭᠤᠭᠤᠯᠤᠭᠰᠠᠨ ᠰᠠᠨᠠᠯ᠎ᠢ ᠦᠨᠳᠦᠰᠦᠯᠡᠨ ᠮᠡᠳᠡᠭᠡ ᠵᠠᠩᠭᠢ᠎ᠳ᠋ᠠᠭᠠᠨ ᠵᠠᠰᠠᠪᠤᠷᠢ ᠣᠷᠣᠭᠤᠯᠤᠭᠰᠠᠨ᠎ᠤ ᠳᠠᠷᠠᠭ᠎ᠠ ᠳᠠᠬᠢᠨ ᠲᠤᠰᠢᠶᠠᠬᠤ ᠬᠡᠷᠡᠭᠲᠡᠢ᠃

ᠬᠣᠶᠠᠷ᠂ ᠨᠡᠷ᠎ᠡ ᠮᠡᠳᠡᠭᠦᠯᠬᠦ ᠦᠨᠳᠦᠰᠦᠨ ᠶᠠᠪᠤᠴᠠ

ᠰᠢᠯᠭᠠᠭᠤᠯᠤᠭ᠍ᠴᠢ ᠠᠯᠪᠠᠨ ᠵᠠᠷᠯᠠᠯ ᠳ᠋ᠤ ᠱᠠᠭᠠᠷᠳᠠᠭᠰᠠᠨ ᠨᠡᠷ᠎ᠡ ᠮᠡᠳᠡᠭᠦᠯᠬᠦ ᠨᠥᠬᠥᠴᠡᠯ᠎ᠢ ᠦᠨᠳᠦᠰᠦᠯᠡᠨ᠂ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ᠎ᠶᠢᠨ ᠬᠢᠷᠢ ᠬᠡᠮ᠎ᠦᠨ ᠰᠢᠯᠭᠠᠯᠲᠠ᠎ᠶᠢᠨ ᠰᠦᠯᠵᠢᠶ᠎ᠡ (ᠰᠦᠯᠵᠢᠶᠡᠨ ᠬᠠᠶᠢᠭ᠋ ᠨᠢ https᠄//ntce.neea.edu.cn) ᠳ᠋ᠦ ᠭᠠᠷᠴᠤ᠂ ᠨᠡᠷ᠎ᠡ ᠮᠡᠳᠡᠭᠦᠯᠬᠦ ᠬᠤᠭᠤᠴᠠᠭᠠᠨ᠎ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠮᠡᠳᠡᠭᠡ ᠵᠠᠩᠭᠢ᠎ᠪᠠᠨ ᠲᠠᠭᠯᠠᠵᠤ᠂ ᠰᠢᠯᠭᠠᠯᠲᠠ᠎ᠶᠢᠨ ᠲᠣᠭᠣᠷᠢᠭ᠋᠎ᠤᠨ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ ᠪᠠᠲᠤᠯᠠᠭᠰᠠᠨ ᠎ᠤ ᠳᠠᠷᠠᠭ᠎ᠠ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠵᠤ᠂ ᠨᠡᠷ᠎ᠡ ᠮᠡᠳᠡᠭᠦᠯᠦᠨ᠎ᠡ᠃

ᠢᠷᠡᠯᠲᠡ᠄ ᠥᠪᠥᠷ ᠮᠣᠩᠭᠣᠯ᠎ᠤᠨ ᠰᠣᠷᠣᠭ᠍ᠴᠢ ᠡᠯᠰᠡᠬᠦ ᠰᠢᠯᠭᠠᠯᠲᠠ ᠵᠢᠷᠬᠢᠶ᠎ᠡ ᠵᠢᠨ ᠲᠠᠪᠴᠠᠩ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄
兼容浏览器的HTML页面