ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-07-07 11:01:36

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

ᠬᠥᠬᠡᠬᠣᠲᠠ ᠵᠢᠨ 2026 ᠣᠨ ᠎ᠤ ᠠᠵᠢᠯ ᠦᠢᠯᠡᠰ ᠦ᠋ᠨ ᠨᠢᠭᠡᠴᠢ᠎ᠶᠢᠨ

ᠭᠤᠷᠪᠠᠳᠤᠭᠠᠷ ᠪᠦᠯᠦᠭ ᠴᠢᠳᠠᠪᠤᠷᠢᠲᠠᠨ ᠣᠷᠣᠭᠤᠯᠤᠨ ᠠᠪᠴᠢᠷᠠᠬᠤ ᠠᠯᠪᠠᠨ ᠵᠠᠷᠯᠠᠯ


ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠂ ᠬᠣᠲᠠ᠎ᠶᠢᠨ ᠨᠠᠮ᠎ᠤᠨ ᠬᠣᠷᠢᠶ᠎ᠠ᠂ ᠬᠣᠲᠠ᠎ᠶᠢᠨ ᠵᠠᠰᠠᠭ᠎ᠤᠨ ᠣᠷᠳᠣᠨ᠎ᠤ ᠴᠢᠳᠠᠪᠤᠷᠢᠲᠠᠨ᠎ᠤ ᠠᠵᠢᠯ᠎ᠤᠨ ᠲᠤᠬᠠᠢ ᠪᠠᠢᠷᠢᠯᠠᠭᠤᠯᠤᠯᠲᠠ ᠪᠠ ᠱᠠᠭᠠᠷᠳᠠᠯᠭ᠎ᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠺᠠᠳ᠋ᠷ᠎ᠤᠨ ᠡᠩᠨᠡᠭᠡ᠎ᠶᠢᠨ ᠪᠦᠲᠦᠴᠡ᠎ᠶᠢ ᠦᠷᠭᠦᠯᠵᠢᠯᠡᠨ ᠰᠢᠯᠢᠳᠡᠭᠵᠢᠭᠦᠯᠵᠦ᠂ ᠺᠠᠳ᠋ᠷ᠎ᠤᠨ ᠡᠩᠨᠡᠭᠡ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠎ᠶᠢᠨ ᠲᠥᠯᠥᠭᠡ᠂ ᠰᠤᠳᠤᠯᠬᠤ᠎ᠪᠠᠷ ᠳᠡᠮᠵᠢᠨ᠂ ᠬᠥᠬᠡᠬᠣᠲᠠ᠎ᠶᠢᠨ 2026 ᠣᠨ᠎ᠤ ᠠᠵᠢᠯ ᠦᠢᠯᠡᠰ᠎ᠦᠨ ᠨᠢᠭᠡᠴᠢ᠎ᠶᠢᠨ ᠭᠤᠷᠪᠠᠳᠤᠭᠠᠷ ᠪᠦᠯᠦᠭ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠢ ᠥᠷᠨᠢᠭᠦᠯᠬᠦ᠎ᠪᠡᠷ ᠲᠣᠭᠲᠠᠪᠠ᠂ ᠣᠲᠣ᠌ ᠬᠣᠯᠪᠣᠭᠳᠠᠯ ᠪᠦᠬᠦᠢ ᠵᠦᠢᠯᠡᠰ᠎ᠢ ᠳᠣᠣᠷᠠᠬᠢ ᠮᠡᠲᠦ ᠵᠠᠷᠯᠠᠶ᠎ᠠ᠃

ᠲᠣᠰ ᠤᠳᠠᠭ᠎ᠠ 1041 ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠪᠠᠷ ᠲᠥᠯᠥᠪᠯᠡᠵᠦ ᠪᠣᠶ᠃ ᠡᠭᠦᠨ᠎ᠳᠦ᠂ ᠬᠣᠲᠠ᠎ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠬᠣᠰᠢᠭᠤ ᠰᠢᠶᠠᠨ ᠲᠣᠭᠣᠷᠢᠭ᠋᠎ᠤᠨ ᠬᠠᠷᠢᠶ᠎ᠠ ᠠᠵᠢᠯ ᠦᠢᠯᠡᠰ᠎ᠦᠨ ᠨᠢᠭᠡᠴᠢ 100 ᠬᠦᠮᠦᠨ᠂ ᠬᠣᠲᠠ᠎ᠶᠢᠨ ᠰᠤᠷᠭᠠᠨ ᠬᠥᠮᠦᠵᠢᠯ᠎ᠦᠨ ᠰᠢᠰᠲᠧᠮ 823 ᠬᠦᠮᠦᠨ᠂ ᠬᠣᠲᠠ᠎ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠢᠰᠲᠧᠮ 118 ᠬᠦᠮᠦᠨ ᠣᠷᠣᠭᠤᠯᠤᠨ ᠠᠪᠴᠢᠷᠠᠨ᠎ᠡ᠃ ᠨᠡᠷ᠎ᠡ ᠮᠡᠳᠡᠭᠦᠯᠦᠭᠰᠡᠳ ᠬᠥᠬᠡᠬᠣᠲᠠ᠎ᠶᠢᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠮᠡᠳᠡᠭᠡ ᠵᠠᠩᠭᠢ᠎ᠶᠢᠨ ᠰᠦᠯᠵᠢᠶ᠎ᠡ (ᠰᠦᠯᠵᠢᠶᠡᠨ᠎ᠦ ᠬᠠᠶᠢᠭ᠋᠄ http᠄//www.hhpta.org.cn) ᠳ᠋ᠤ ᠭᠠᠷᠴᠤ ᠠᠵᠢᠯ᠎ᠤᠨ ᠪᠠᠢᠷᠢ᠎ᠶᠢᠨ ᠬᠡᠷᠡᠭᠴᠡᠭᠡᠨ᠎ᠦ ᠬᠦᠰᠦᠨᠦᠭᠲᠤ᠎ᠡᠴᠡ ᠪᠠᠢᠴᠠᠭᠠᠨ ᠯᠠᠪᠯᠠᠵᠤ ᠪᠣᠯᠣᠨ᠎ᠠ᠃

ᠨᠡᠷ᠎ᠡ ᠮᠡᠳᠡᠭᠦᠯᠬᠦ ᠴᠠᠭ ᠵᠢᠴᠢ ᠬᠢᠷᠢ ᠬᠡᠮ᠎ᠢ ᠬᠢᠨᠠᠨ ᠬᠠᠷᠭᠤᠭᠤᠯᠬᠤ ᠴᠠᠭ᠎ᠢ ᠳᠠᠭᠠᠯᠳᠤᠭᠤᠯᠤᠯ᠎ᠠᠯᠪᠠᠨ ᠵᠠᠷᠯᠠᠯ ᠵᠢᠠᠷ ᠪᠠᠷᠢᠮᠵᠢᠶ᠎ᠠ ᠪᠣᠯᠭᠠᠨ᠎ᠠ᠃ ᠲᠣᠰ ᠤᠳᠠᠭᠠᠨ᠎ᠤ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠳ᠋ᠤ ᠨᠡᠷ᠎ᠡ ᠮᠡᠳᠡᠭᠦᠯᠦᠭᠰᠡᠳ ᠬᠡᠷᠪᠡ ᠬᠣᠲᠠ᠎ᠶᠢᠨ ᠰᠢᠭᠤᠳ ᠬᠠᠷᠢᠶ᠎ᠠ ᠨᠢᠭᠡᠴᠢ ᠵᠢᠴᠢ ᠬᠣᠰᠢᠭᠤ ᠰᠢᠶᠠᠨ ᠲᠣᠭᠣᠷᠢᠭ᠋᠂ ᠰᠤᠷᠭᠠᠨ ᠬᠥᠮᠦᠵᠢᠯ᠎ᠦᠨ ᠰᠢᠰᠲᠧᠮ ᠪᠤᠶᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠢᠰᠲᠧᠮ᠎ᠦᠨ ᠠᠵᠢᠯ᠎ᠤᠨ ᠪᠠᠢᠷᠢ᠎ᠶᠢᠨ ᠱᠠᠭᠠᠷᠳᠠᠯᠭ᠎ᠠ᠎ᠶᠢ ᠬᠠᠮᠲᠤ ᠳ᠋ᠤᠨᠢ ᠬᠠᠩᠭᠠᠪᠠᠯ᠂ ᠰᠢᠰᠲᠧᠮ ᠠᠯᠤᠰᠯᠠᠨ ᠠᠵᠢᠯ᠎ᠤᠨ ᠪᠠᠢᠷᠢ᠎ᠳᠤ ᠨᠡᠷ᠎ᠡ ᠮᠡᠳᠡᠭᠦᠯᠵᠦ ᠪᠣᠯᠣᠨ᠎ᠠ (ᠠᠳᠠᠯᠢ ᠰᠢᠰᠲᠧᠮ ᠨᠢ ᠵᠥᠪᠬᠡᠨ ᠨᠢᠭᠡ ᠯᠡ ᠠᠵᠢᠯ᠎ᠤᠨ ᠪᠠᠢᠷᠢ᠎ᠳᠤ ᠨᠡᠷ᠎ᠡ ᠮᠡᠳᠡᠭᠦᠯᠦᠨ᠎ᠡ)᠃

ᠲᠥᠷᠥ᠎ᠶᠢᠨ ᠪᠣᠳᠣᠯᠭ᠎ᠠ᠎ᠶᠢᠨ ᠯᠠᠪᠯᠠᠭ᠎ᠠ᠎ᠶᠢᠨ ᠤᠲᠠᠰᠤ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠮᠡᠷᠭᠡᠵᠢᠯ᠎ᠦᠨ ᠳᠡᠮᠵᠢᠯᠭᠡ᠎ᠶᠢᠨ ᠯᠠᠪᠯᠠᠭ᠎ᠠ᠎ᠶᠢᠨ ᠤᠲᠠᠰᠤ᠎ᠶᠢ ᠠᠵᠢᠯ᠎ᠤᠨ ᠪᠠᠢᠷᠢ᠎ᠶᠢᠨ ᠬᠡᠷᠡᠭᠴᠡᠭᠡᠨ᠎ᠦ ᠬᠦᠰᠦᠨᠦᠭᠲᠦ᠎ᠡᠴᠡ ᠨᠠᠷᠢᠨ ᠦᠵᠡᠭᠡᠷᠡᠢ᠃

ᠳᠠᠭᠠᠯᠳᠤᠭᠤᠯᠤᠯ᠄

1. ᠬᠥᠬᠡᠬᠣᠲᠠ᠎ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠬᠣᠰᠢᠭᠤ ᠰᠢᠶᠠᠨ ᠲᠣᠭᠣᠷᠢᠭ᠋᠎ᠤᠨ ᠬᠠᠷᠢᠶ᠎ᠠ ᠠᠵᠢᠯ ᠦᠢᠯᠡᠰ᠎ᠦᠨ ᠨᠢᠭᠡᠴᠢ᠎ᠶᠢᠨ 2026 ᠣᠨ᠎ᠤ ᠭᠤᠷᠪᠠᠳᠤᠭᠠᠷ ᠪᠦᠯᠦᠭ᠎ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠯᠪᠠᠨ ᠵᠠᠷᠯᠠᠯ

2. ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠰᠢᠰᠲᠧᠮ᠎ᠦᠨ ᠬᠠᠷᠢᠶ᠎ᠠ ᠠᠵᠢᠯ ᠦᠢᠯᠡᠰ᠎ᠦᠨ ᠨᠢᠭᠡᠴᠢ᠎ᠶᠢᠨ 2026 ᠣᠨ᠎ᠤ ᠭᠤᠷᠪᠠᠳᠤᠭᠠᠷ ᠪᠦᠯᠦᠭ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠯᠪᠠᠨ ᠵᠠᠷᠯᠠᠯ

3. ᠬᠥᠬᠡᠬᠣᠲᠠ᠎ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠢᠰᠲᠧᠮ᠎ᠦᠨ ᠬᠠᠷᠢᠶ᠎ᠠ ᠠᠵᠢᠯ ᠦᠢᠯᠡᠰ᠎ᠦᠨ ᠨᠢᠭᠡᠴᠢ᠎ᠶᠢᠨ 2026 ᠣᠨ᠎ᠤ ᠭᠤᠷᠪᠠᠳᠤᠭᠠᠷ ᠪᠦᠯᠦᠭ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠯᠪᠠᠨ ᠵᠠᠷᠯᠠᠯ

ᠬᠥᠬᠡᠬᠣᠲᠠ᠎ᠶᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ ᠬᠥᠬᠡᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ

2026 ᠣᠨ᠎ᠤ 7 ᠰᠠᠷ᠎ᠠ᠎ᠶᠢᠨ 3᠎ᠤ ᠡᠳᠦᠷ


ᠲᠤᠰ ᠬᠣᠯᠪᠣᠭ᠋ᠠᠰᠤ᠎ᠶᠢ ᠲᠤᠪᠴᠢᠳᠠᠵᠤ ᠳᠠᠭᠠᠯᠳᠤᠭᠤᠯᠤᠯ᠎ᠤᠨ ᠨᠠᠷᠢᠨ ᠠᠭᠤᠯᠭ᠎ᠠ᠎ᠶᠢ᠎ᠦᠵᠡᠭᠡᠷᠡᠢ᠃


ᠢᠷᠡᠯᠲᠡ᠄ ᠬᠦᠬᠡᠬᠤᠲᠠ ᠵᠢᠨ ᠠᠵᠢᠯᠲᠠᠨ᠎ᠤ ᠶᠠᠪᠤᠳᠠᠯ᠎ᠤᠨ ᠰᠢᠯᠭᠠᠯᠲᠠ ᠵᠢᠨ ᠲᠦᠪ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄
兼容浏览器的HTML页面