2026-07-03 15:26:34
7 ᠰᠠᠷ᠎ᠠ᠎ᠶᠢᠨ 2᠎ᠤᠨ ᠡᠳᠦᠷ᠂ ᠳᠤᠮᠳᠠᠳᠤ ᠣᠷᠣᠰ ᠮᠣᠩᠭᠣᠯ᠎ᠤᠨ 《ᠲᠦᠮᠡᠨ ᠭᠠᠵᠠᠷ᠎ᠤᠨ ᠴᠠᠢ᠎ᠶᠢᠨ ᠵᠠᠮ》 ᠣᠯᠠᠨ ᠤᠯᠤᠰ᠎ᠤᠨ ᠵᠢᠭᠤᠯᠴᠢᠯᠠᠯ᠎ᠤᠨ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ᠃
ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ᠂ ᠳᠤᠮᠳᠠᠳᠤ ᠤᠷᠤᠰ ᠮᠣᠩᠭᠣᠯ ᠭᠤᠷᠪᠠᠨ ᠤᠯᠤᠰ᠎ᠤᠨ 31 ᠭᠡᠭᠡᠷᠡᠯᠡᠬᠦ ᠮᠠᠰᠢᠨ ᠲᠡᠷᠭᠡ ᠪᠣᠯᠣᠨ 20 ᠮᠣᠲ᠋ᠣᠷ ᠲᠡᠷᠭᠡ ᠴᠤᠭᠯᠠᠷᠠᠨ ᠮᠣᠷᠳᠠᠪᠠ᠃ ᠥᠪᠥᠷ ᠮᠣᠩᠭᠣᠯ᠎ᠤᠨ ᠤᠷᠤᠰ ᠮᠣᠩᠭᠣᠯ ᠯᠤᠭ᠎ᠠ ᠬᠦᠷᠰᠢᠯᠡᠭᠰᠡᠨ ᠭᠠᠵᠠᠷ ᠵᠦᠢ᠎ᠶᠢᠨ ᠳᠠᠪᠠᠭᠤᠯᠢᠭ᠋᠎ᠲᠤ ᠲᠦᠰᠢᠭᠯᠡᠨ᠂ ᠭᠤᠷᠪᠠᠨ ᠤᠯᠤᠰ᠎ᠤᠨ ᠮᠠᠰᠢᠨ ᠲᠡᠷᠭᠡᠨ᠎ᠦ ᠪᠠᠬᠠᠳᠠᠳ 《ᠲᠦᠮᠡᠨ ᠭᠠᠵᠠᠷ᠎ᠤᠨ ᠴᠠᠢ᠎ᠶᠢᠨ ᠵᠠᠮ》 ᠵᠢᠡᠷ ᠳᠠᠬᠢᠨᠲᠠ ᠠᠶᠠᠯᠠᠨ᠂ ᠲᠠᠯ᠎ᠠ ᠨᠤᠲᠤᠭ᠎ᠢ ᠲᠤᠭᠤᠯᠵᠤ᠂ ᠳᠤᠮᠳᠠᠳᠤ ᠤᠷᠤᠰ ᠮᠣᠩᠭᠣᠯ᠎ᠤᠨ ᠥᠩᠭᠡ ᠦᠵᠡᠮᠵᠢ᠎ᠶᠢ ᠭᠠᠢᠬᠠᠭᠤᠯᠬᠤ ᠪᠤᠯᠤᠨ᠎ᠠ᠃ ᠣᠢᠯᠠᠭᠠᠭᠰᠠᠨ᠎ᠢᠶᠠᠷ᠂ ᠡᠨᠡ ᠬᠦ᠌ ᠤᠯᠤᠰ ᠠᠯᠤᠰᠯᠠᠭᠰᠠᠨ ᠲᠡᠷᠭᠡᠨ ᠠᠩᠭᠢ 6 ᠰᠠᠷ᠎ᠠ᠎ᠠᠴᠠ ᠡᠬᠢᠯᠡᠨ ᠭᠤᠷᠪᠠᠨ ᠤᠯᠤᠰ᠎ᠤᠨ ᠡᠯ᠎ᠡ ᠭᠠᠵᠠᠷ᠎ᠠᠴᠠ ᠵᠠᠯᠭᠠᠭ᠎ᠠ᠎ᠪᠠᠷ ᠮᠣᠷᠳᠠᠵᠤ᠂ ᠣᠷᠣᠰ ᠪᠣᠯᠣᠨ ᠮᠣᠩᠭᠣᠯ ᠤᠯᠤᠰ᠎ᠢᠶᠠᠷ ᠥᠩᠭᠡᠷᠡᠵᠦ᠂ ᠡᠴᠦᠰ᠎ᠲᠡᠬᠡᠨ ᠥᠪᠥᠷ ᠮᠣᠩᠭᠣᠯ᠎ᠳᠤ ᠴᠤᠭᠯᠠᠷᠠᠭᠰᠠᠨ ᠪᠠᠢᠨ᠎ᠠ᠃ ᠡᠭᠦᠨ᠎ᠦ ᠲᠠᠭᠠᠤ᠂ ᠳᠤᠮᠳᠠᠳᠤ ᠣᠷᠣᠰ ᠮᠣᠩᠭᠣᠯ᠎ᠤᠨ 《ᠲᠦᠮᠡᠨ ᠭᠠᠵᠠᠷ᠎ᠤᠨ ᠴᠠᠢ᠎ᠶᠢᠨ ᠵᠠᠮ》᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠬᠣᠯᠪᠣᠭ᠎ᠠ ᠡᠴᠡ ᠭᠠᠢᠬᠠᠮᠰᠢᠭ᠍ᠲᠤ ᠴᠠᠢ᠎ᠶᠢᠨ ᠵᠠᠮ᠎ᠤᠨ ᠠᠶᠠᠯᠠᠯ᠂ ᠳᠡᠯᠡᠬᠡᠢ᠎ᠶᠢᠨ ᠪᠠᠢᠭᠠᠯᠢ᠎ᠶᠢᠨ ᠥᠪ᠎ᠦᠨ ᠠᠶᠠᠯᠠᠯ᠂ 《ᠭᠤᠷᠪᠠᠨ ᠨᠠᠭᠤᠷ ᠤ᠋ᠨ ᠪᠤᠯᠵᠤᠭ᠎ᠠ》 ᠡᠸᠦ᠋ᠷᠦᠫᠡ ᠠᠽᠢᠶ᠎ᠠ ᠵᠢᠨ ᠬᠢᠯᠢ ᠠᠯᠤᠰᠯᠠᠬᠰᠠᠨ ᠥᠪᠡᠰᠦᠪᠡᠨ ᠲᠡᠷᠭᠡ ᠵᠢᠯᠤᠭᠣᠳᠬᠤ ᠠᠶᠠᠯᠠᠯ ᠵᠡᠷᠭᠡ ᠣᠯᠠᠨ ᠤᠯᠤᠰ᠎ᠤᠨ ᠵᠢᠭᠤᠯᠴᠢᠯᠠᠯ᠎ᠤᠨ ᠠᠷᠪᠠᠨ ᠰᠣᠳᠣᠨ ᠵᠠᠮ ᠱᠤᠭᠤᠮ᠎ᠢ ᠨᠡᠢᠲᠡᠯᠡᠵᠦ᠂ ᠵᠢᠭᠤᠯᠴᠢᠯᠠᠭᠰᠠᠳ᠎ᠲᠤ ᠴᠠᠢ᠎ᠶᠢᠨ ᠵᠠᠮ᠎ᠤᠨ ᠲᠡᠦᠬᠡ ᠰᠣᠶᠣᠯ ᠪᠠ ᠳᠤᠮᠳᠠᠳᠤ ᠣᠷᠣᠰ ᠮᠣᠩᠭᠣᠯ ᠭᠤᠷᠪᠠᠨ ᠤᠯᠤᠰ᠎ᠤᠨ ᠪᠠᠢᠭᠠᠯᠢ᠎ᠶᠢᠨ ᠥᠩᠭᠡ ᠦᠵᠡᠮᠵᠢ᠎ᠶᠢ ᠮᠡᠳᠡᠷᠡᠭᠦᠯᠪᠡ᠃
《ᠲᠦᠮᠡᠨ ᠭᠠᠵᠠᠷ᠎ᠤᠨ ᠴᠠᠢ᠎ᠶᠢᠨ ᠵᠠᠮ》 ᠨᠢ 1.4 ᠲᠦᠮᠡᠨ ᠺᠢᠯᠣᠮᠧᠲᠷ ᠦᠷᠭᠦᠯᠵᠢᠯᠡᠵᠦ᠂ ᠡᠮᠦᠨ᠎ᠡ ᠤᠮᠠᠷ᠎ᠠ᠎ᠶᠢ ᠬᠣᠯᠪᠣᠬᠰᠠᠨ᠂ ᠡᠸᠦ᠋ᠷᠦᠫᠡ ᠠᠽᠢᠶ᠎ᠠ᠎ᠶᠢ ᠨᠡᠪᠲᠡᠷᠡᠭᠦᠯᠦᠭᠰᠡᠨ ᠠᠷᠠᠯᠵᠢᠶ᠎ᠠ ᠬᠤᠳᠠᠯᠳᠤᠭᠠᠨ᠎ᠤ ᠵᠠᠮ ᠮᠥᠨ᠂ ᠮᠦᠨᠴᠣ᠌ ᠭᠤᠷᠪᠠᠨ ᠤᠯᠤᠰ᠎ᠢ ᠰᠤᠨᠳᠠᠯᠠᠬᠰᠠᠨ᠂ ᠲᠤᠷᠤᠨᠠᠳᠠᠬᠢᠨ ᠦᠷᠦᠨᠡᠳᠡᠬᠢᠨᠢ ᠠᠭᠤᠰᠤᠯᠴᠠᠭᠤᠯᠤᠭᠰᠠᠨ ᠪᠣᠯᠪᠠᠰᠤᠨ᠎ᠤ ᠰᠣᠯᠢᠯᠴᠠᠭᠠᠨ᠎ᠤ ᠬᠣᠩᠭᠢᠯ ᠪᠠᠢᠵᠤ᠂ 《ᠡᠷᠢᠨ ᠵᠠᠭᠤᠨ᠎ᠤ ᠯᠤᠭᠰᠢᠭᠤᠨ ᠰᠤᠳᠠᠯ》 ᠬᠡᠮᠡᠭᠳᠡᠪᠡ᠃ 2016 ᠣᠨ᠎ᠳᠤ᠂ ᠳᠤᠮᠳᠠᠳᠤ ᠤᠷᠤᠰ ᠮᠣᠩᠭᠣᠯ᠎ᠤᠨ ᠵᠢᠭᠤᠯᠴᠢᠯᠠᠯ᠎ᠤᠨ ᠰᠠᠯᠠᠭ᠎ᠠ ᠮᠥᠴᠢᠷ᠎ᠦᠨ ᠬᠠᠮᠲᠤ᠎ᠶᠢᠨ ᠰᠠᠨᠠᠭᠠᠴᠢᠯᠠᠭ᠎ᠠ᠂ ᠬᠠᠮᠲᠤ ᠵᠢᠨ ᠠᠬᠢᠭᠤᠯᠤᠯ ᠳᠣᠣᠷ᠎ᠠ᠂ ᠳᠤᠮᠳᠠᠳᠤ ᠤᠷᠤᠰ ᠮᠣᠩᠭᠣᠯ᠎ᠤᠨ 《ᠲᠦᠮᠡᠨ ᠭᠠᠵᠠᠷ᠎ᠤᠨ ᠴᠠᠢ᠎ᠶᠢᠨ ᠵᠠᠮ》᠎ᠤᠨ ᠤᠯᠠᠨ ᠤᠯᠤᠰ᠎ᠤᠨ ᠵᠢᠭᠤᠯᠴᠢᠯᠠᠯ᠎ᠤᠨ ᠬᠣᠯᠪᠣᠭ᠎ᠠ ᠪᠠᠢᠭᠤᠯᠤᠭᠳᠠᠵᠤ᠂ ᠬᠣᠯᠪᠣᠭᠠᠨ᠎ᠤ ᠨᠠᠷᠢᠨ ᠪᠢᠴᠢᠭ᠎ᠦᠨ ᠭᠠᠵᠠᠷ ᠨᠢ ᠥᠪᠥᠷ ᠮᠣᠩᠭᠣᠯ᠎ᠳᠤ ᠰᠠᠭᠤᠷᠢᠰᠢᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠲᠦᠷᠦᠯ ᠲᠡᠮᠳᠡᠭ ᠢ ᠬᠠᠮᠳᠤ ᠪᠡᠷ ᠴᠤᠭᠴᠠᠯᠠᠬᠤ᠂ ᠵᠠᠬ᠎ᠠ ᠳᠡᠯᠭᠡᠭᠦᠷ᠎ᠢ ᠬᠣᠯᠪᠣᠯᠳᠤᠭᠤᠯᠬᠤ᠂ ᠡᠬᠢ ᠪᠠᠶᠠᠯᠢᠭ᠋ ᠢ ᠬᠠᠷᠢᠯᠴᠠᠨ ᠨᠡᠪᠲᠡᠷᠡᠯᠴᠡᠬᠦᠯᠬᠦ ᠡᠭᠦᠷᠭᠡ ᠴᠢᠳᠠᠪᠬᠢ᠎ᠶᠢ ᠡᠭᠦᠷᠭᠡᠯᠡᠪᠡ᠃ 10 ᠵᠢᠯ᠎ᠦᠨ ᠬᠥᠭᠵᠢᠯᠲᠡ᠎ᠪᠡᠷ ᠳᠡᠮᠵᠢᠨ᠂ ᠳᠤᠮᠳᠠᠳᠤ ᠣᠷᠣᠰ ᠮᠣᠩᠭᠣᠯ᠎ᠤᠨ 《ᠲᠦᠮᠡᠨ ᠭᠠᠵᠠᠷ᠎ᠤᠨ ᠴᠠᠢ᠎ᠶᠢᠨ ᠵᠠᠮ》᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠬᠣᠯᠪᠣᠭ᠎ᠠ ᠨᠢ ᠨᠢᠭᠡᠨᠲᠡ ᠳᠤᠮᠳᠠᠳᠤ ᠤᠯᠤᠰ᠎ᠤᠨ 9 ᠮᠤᠵᠢ ᠣᠷᠣᠨ᠂ ᠮᠣᠩᠭᠣᠯ ᠤᠯᠤᠰ᠎ᠤᠨ 9 ᠮᠤᠵᠢ ᠪᠠ ᠣᠷᠣᠰ᠎ᠤᠨ 10 ᠭᠠᠵᠠᠷ ᠣᠷᠣᠨ᠎ᠤ 28 ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠢ ᠬᠠᠮᠤᠷᠴᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃