ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-07-08 10:17:19

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

ᠤᠯᠤᠰ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ᠌ ᠲᠣᠪᠴᠢᠶ᠎ᠠ ᠵᠡᠷᠭᠡ ᠰᠠᠯᠠᠭ᠎ᠠ ᠮᠥᠴᠢᠷ 《ᠤᠯᠤᠰ᠎ᠤᠨ ᠡᠭᠡᠯᠢᠯᠡᠭᠡ᠎ᠶᠢᠨ ᠲᠥᠯᠥᠪᠵᠢᠭᠦᠯᠭᠡ᠎ᠶᠢᠨ ᠸᠠᠺᠼᠢᠨ᠎ᠤ ᠬᠡᠦᠬᠡᠳ᠎ᠦᠨ ᠡᠭᠡᠯᠢᠯᠡᠭᠡ ᠎ᠶᠢᠨ ᠲᠡᠰ ᠳᠠᠷᠠᠭᠠᠯᠠᠯ ᠵᠢᠴᠢ ᠲᠣᠳᠣᠷᠬᠠᠶ᠋ᠢᠯᠠᠯᠲᠠ (2026 ᠣᠨ᠎ᠤ ᠬᠡᠪᠯᠡᠯ)》ᠵᠢ ᠨᠡᠶ᠋ᠢᠲᠡᠯᠡᠵᠦ᠍᠂ ᠤᠯᠤᠰ᠎ᠤᠨ ᠡᠭᠡᠯᠢᠯᠡᠭᠡ᠎ᠶᠢᠨ ᠲᠥᠯᠥᠪᠵᠢᠭᠦᠯᠭᠡ᠎ᠶᠢᠨ ᠸᠠᠺᠼᠢᠨ᠎ᠤ ᠬᠡᠦᠬᠡᠳ᠎ᠦᠨ ᠡᠭᠡᠯᠢᠯᠡᠭᠡ᠎ᠶᠢᠨ ᠲᠡᠰ ᠳᠠᠷᠠᠭᠠᠯᠠᠯ᠂ ᠸᠠᠺᠼᠢᠨ᠎ᠤ ᠲᠠᠷᠢᠯᠭ᠎ᠠ᠎ᠶᠢᠨ ᠡᠩ᠎ᠦᠨ ᠵᠠᠷᠴᠢᠮ᠂ ᠸᠠᠺᠼᠢᠨ᠎ᠢ ᠬᠡᠷᠡᠭᠯᠡᠭᠦ ᠲᠣᠳᠣᠷᠬᠠᠶ᠋ᠢᠯᠠᠯᠲᠠ᠂ ᠦᠷᠭᠦᠯᠵᠢ ᠲᠣᠬᠢᠶᠠᠯᠳᠤᠳᠠᠭ ᠣᠨᠴᠠᠭᠠᠶ ᠡᠷᠡᠭᠦᠯ ᠮᠡᠨᠳᠦ᠎ᠶᠢᠨ ᠪᠠᠶ᠋ᠢᠳᠠᠯ᠎ᠲᠠᠶ ᠬᠦᠮᠦᠰ᠎ᠤᠨ ᠲᠠᠷᠢᠯᠭ᠎ᠠ᠎ᠶᠢᠨ ᠲᠤᠬᠠᠶ ᠲᠣᠳᠣᠷᠬᠠᠶ᠋ᠢᠯᠠᠯᠲᠠ ᠬᠢᠪᠠ᠃

ᠨᠢᠭᠡ᠎ᠳᠦ᠂ ᠡᠭᠡᠯᠢᠯᠡᠭᠡ ᠎ᠶᠢᠨ ᠲᠡᠰ ᠳᠠᠷᠠᠭᠠᠯᠠᠯ ᠎ᠤᠨ ᠬᠦᠰᠦᠨᠦᠭᠲᠦ᠍᠃ ᠬᠦᠰᠦᠨᠦᠭᠲᠦ᠎ᠶᠢᠨ ᠬᠡᠯᠪᠡᠷᠢ᠎ᠪᠡᠷ ᠤᠯᠤᠰ᠎ᠤᠨ ᠡᠭᠡᠯᠢᠯᠡᠭᠡ᠎ᠶᠢᠨ ᠲᠥᠯᠥᠪᠵᠢᠭᠦᠯᠭᠡ᠎ᠶᠢᠨ ᠸᠠᠺᠼᠢᠨ᠎ᠤ ᠤᠷᠢᠳᠴᠢᠯᠡᠨ ᠰᠡᠷᠬᠡᠢᠯᠡᠭᠦ ᠡᠪᠡᠳᠴᠢᠨ ᠡᠮᠭᠡᠭ ᠤ᠋ᠨ ᠨᠡᠷᠡᠶ᠋ᠢᠳᠦᠯ᠂ ᠸᠠᠺᠼᠢᠨ᠎ᠤ ᠲᠥᠷᠥᠯ ᠵᠦᠢᠯ᠂ ᠲᠠᠷᠢᠯᠭ᠎ᠠ ᠵᠢᠨ ᠠᠷᠭ᠎ᠠ ᠵᠠᠮ᠂ ᠡᠮ᠎ᠤᠨ ᠬᠡᠮᠵᠢᠶ᠎ᠡ᠂ ᠲᠠᠷᠢᠯᠭ᠎ᠠ ᠵᠢᠨ ᠨᠠᠰᠤ ᠵᠡᠷᠭᠡ ᠠᠭᠤᠯᠭ᠎ᠠ᠎ᠶᠢ ᠢᠯᠡᠷᠡᠭᠦᠯᠦᠨ᠎ᠡ᠃

ᠬᠣᠶᠠᠷ᠎ᠲᠤ᠌᠂ ᠡᠩ᠎ᠦᠨ ᠵᠠᠷᠴᠢᠮ᠃ ᠤᠯᠤᠰ᠎ᠤᠨ ᠡᠭᠡᠯᠢᠯᠡᠭᠡ᠎ᠶᠢᠨ ᠲᠥᠯᠥᠪᠵᠢᠭᠦᠯᠭᠡ᠎ᠶᠢᠨ ᠸᠠᠺᠼᠢᠨ᠎ᠤ ᠲᠠᠷᠢᠯᠭ᠎ᠠ ᠵᠢᠨ ᠨᠠᠰᠤ᠂ ᠳᠠᠷᠢᠯᠭ᠎ᠠ ᠬᠢᠭᠦ ᠬᠡᠰᠡᠭ᠂ ᠬᠠᠮᠲᠤ᠎ᠳᠤᠨᠢ ᠳᠠᠷᠢᠯᠭ᠎ᠠ ᠬᠢᠭᠦ ᠵᠠᠷᠴᠢᠮ᠂ ᠨᠥᠬᠥᠵᠦ᠍ ᠳᠠᠷᠢᠯᠭ᠎ᠠ ᠬᠢᠭᠦ ᠨᠡᠶ᠋ᠢᠳᠡᠮ ᠬᠡᠷᠡᠭᠯᠡᠬᠦ᠌ ᠵᠠᠷᠴᠢᠮ ᠵᠡᠷᠭᠡ᠎ᠳᠦ ᠲᠣᠳᠣᠷᠬᠠᠶ ᠲᠣᠭᠲᠠᠭᠠᠯ ᠪᠠ ᠲᠣᠳᠣᠷᠬᠠᠶ᠋ᠢᠯᠠᠯᠲᠠ ᠬᠢᠪᠠ᠃

ᠭᠤᠷᠪᠠ᠎ᠳᠤ᠂ ᠵᠦᠢᠯ ᠪᠦᠷᠢ᠎ᠶᠢᠨ ᠸᠠᠺᠼᠢᠨ᠎ᠢ ᠬᠡᠷᠡᠭᠯᠡᠬᠦ᠌ ᠲᠣᠳᠣᠷᠬᠠᠶ᠋ᠢᠯᠠᠯᠲᠠ᠃ ᠤᠯᠤᠰ᠎ᠤᠨ ᠡᠭᠡᠯᠢᠯᠡᠭᠡ᠎ᠶᠢᠨ ᠲᠥᠯᠥᠪᠵᠢᠭᠦᠯᠭᠡ᠎ᠶᠢᠨ ᠸᠠᠺᠼᠢᠨ ᠨᠢᠭᠡᠪᠦᠷᠢ᠎ᠶᠢᠨ ᠡᠭᠡᠯᠢᠯᠡᠭᠡ᠎ᠶᠢᠨ ᠲᠡᠰ ᠲᠠᠷᠠᠭᠠᠯᠠᠯ ᠪᠠ ᠲᠠᠷᠢᠯᠭ᠎ᠠ ᠵᠢᠨ ᠠᠷᠭ᠎ᠠ᠂ ᠨᠥᠬᠥᠵᠦ᠍ ᠲᠠᠷᠢᠯᠭ᠎ᠠ ᠬᠢᠭᠦ ᠵᠠᠷᠴᠢᠮ ᠵᠡᠷᠭᠡ᠎ᠳᠦ ᠲᠣᠭᠲᠠᠭᠠᠯ ᠪᠠ ᠲᠣᠳᠣᠷᠬᠠᠶ᠋ᠢᠯᠠᠯᠲᠠ ᠬᠢᠪᠡ᠃

ᠳᠥᠷᠪᠡ᠎ᠳᠦ᠂ ᠦᠷᠭᠦᠯᠵᠢ ᠲᠣᠬᠢᠶᠠᠯᠳᠤᠳᠠᠭ ᠡᠷᠡᠭᠦᠯ ᠮᠡᠨᠳᠦ᠎ᠶᠢᠨ ᠣᠨᠴᠠᠭᠠᠶ ᠪᠠᠶ᠋ᠢᠳᠠᠯ᠎ᠲᠠᠶ ᠬᠥᠮᠦᠰ᠎ᠲᠤ ᠲᠠᠷᠢᠯᠭ᠎ᠠ ᠬᠢᠬᠦ᠌ ᠱᠠᠭᠠᠷᠳᠠᠯᠭ᠎ᠠ᠃ ᠣᠲᠣ᠎ᠶᠢᠨ ᠪᠠᠶ᠋ᠢᠭ᠎ᠠ ᠰᠤᠳᠤᠯᠭᠠᠨ᠎ᠤ ᠭᠡᠷᠡᠴᠢ ᠪᠠᠷᠢᠮᠲᠠ᠎ᠳᠤ ᠰᠠᠭᠤᠷᠢᠯᠠᠬᠤ᠎ᠶᠢᠨ ᠬᠠᠮᠲᠤ᠌ ᠤᠯᠤᠰ᠎ᠤᠨ ᠳᠣᠲᠣᠭᠠᠳᠤ ᠭᠠᠳᠠᠭᠠᠳᠤ᠎ᠶᠢᠨ ᠵᠦᠭᠯᠡᠭᠦᠷ ᠪᠢᠴᠢᠭ ᠮᠠᠲ᠋ᠧᠷᠢᠶᠠᠯ᠎ᠢᠶᠠᠷ ᠯᠠᠪᠯᠠᠯᠲᠠ ᠪᠣᠯᠭᠠᠵᠤ᠂ ᠡᠷᠲᠡ ᠦᠵᠡᠭᠳᠡᠭᠰᠡᠨ ᠬᠡᠦᠬᠡᠳ ᠬᠢᠭᠡᠳ ᠪᠡᠶ᠎ᠡ᠎ᠶᠢᠨ ᠬᠦᠨᠳᠦ ᠨᠢ ᠳᠤᠤᠷ᠎ᠠ ᠬᠡᠦᠬᠡᠳ᠂ ᠬᠠᠷᠰᠢᠯ ᠡᠭᠦᠰᠭᠦ᠂ ᠬᠥᠮᠦᠨ ᠲᠥᠷᠥᠯᠬᠢᠲᠡᠨ᠎ᠦ ᠡᠭᠡᠯᠢᠯᠡᠭᠡ ᠲᠤᠳᠠᠬᠳᠠᠯ᠎ᠤᠨ ᠸᠢᠷᠦ᠋ᠰ (HIV) ᠬᠠᠯᠳᠠᠪᠤᠷᠢᠯᠠᠬᠰᠠᠨ ᠡᠵᠢ ᠡᠴᠡ ᠲᠥᠷᠥᠭᠰᠡᠨ ᠬᠡᠦᠬᠡᠳ᠂ ᠡᠭᠡᠯᠢᠯᠡᠭᠡ᠎ᠶᠢᠨ ᠴᠢᠳᠠᠪᠤᠷᠢ ᠬᠡᠪ᠎ᠦᠨ ᠪᠤᠰᠤ᠂ ᠰᠢᠷᠠᠯᠠᠯᠭ᠎ᠠ᠂ ᠦᠷᠭᠦᠯᠵᠢ ᠲᠣᠬᠢᠶᠠᠯᠳᠤᠳᠠᠭ ᠲᠥᠷᠥᠯᠬᠢ ᠡᠪᠡᠳᠴᠢᠨ ᠡᠮᠭᠡᠭ᠂ ᠦᠷᠭᠦᠯᠵᠢ ᠲᠣᠬᠢᠶᠠᠯᠳᠤᠳᠠᠭ ᠮᠡᠳᠡᠷᠡᠯ᠎ᠦᠨ ᠰᠢᠰᠲ᠋ᠧᠮ᠎ᠦᠨ ᠡᠪᠡᠳᠴᠢᠨ ᠡᠮᠭᠡᠭ᠂ ᠴᠢᠰᠤᠨ᠎ᠤ ᠪᠦᠲᠦᠭᠡᠭᠳᠡᠬᠦᠨ᠎ᠦ ᠬᠡᠷᠡᠭᠯᠡᠯᠲᠡ ᠪᠠ ᠪᠤᠰᠤᠳ ᠣᠨᠴᠠᠭᠠᠶ ᠡᠷᠡᠭᠦᠯ ᠮᠡᠨᠳᠦ᠎ᠶᠢᠨ ᠪᠠᠶ᠋ᠢᠳᠠᠯ ᠵᠡᠷᠭᠡ᠎ᠳᠦ ᠴᠢᠭᠯᠡᠭᠦᠯᠦᠨ ᠲᠠᠷᠢᠯᠭ᠎ᠠ ᠬᠢᠬᠦ᠌ ᠲᠤᠬᠠᠶ ᠵᠢᠯᠣᠭᠣᠳᠬᠤ ᠰᠠᠨᠠᠯ ᠳᠤᠷᠠᠳᠪᠠ᠃

ᠤᠯᠤᠰ᠎ᠤᠨ ᠡᠭᠡᠯᠢᠯᠡᠭᠡ᠎ᠶᠢᠨ ᠲᠥᠯᠥᠪᠵᠢᠭᠦᠯᠭᠡ᠎ᠶᠢᠨ ᠸᠠᠺᠼᠢᠨ᠎ᠤ ᠬᠡᠦᠬᠡᠳ ᠤ᠋ᠨ ᠡᠭᠡᠯᠢᠯᠡᠭᠡ ᠎ᠶᠢᠨ ᠲᠡᠰ ᠳᠠᠷᠠᠭᠠᠯᠠᠯ᠎ᠢ ᠲᠤᠤᠷᠠᠬᠢ ᠵᠢᠷᠤᠭ ᠡᠴᠡ ᠤᠢᠯᠠᠭᠠᠭᠠᠷᠠᠢ᠃

QQ截图20260708102007.png

QQ截图20260708102030.png

QQ截图20260708102053.png

QQ截图20260708102105.png

QQ截图20260708102119.png

QQ截图20260708102132.png


ᠢᠷᠡᠯᠳᠠ᠄ ᠲᠥᠪ ᠲᠧᠯᠸᠢᠰ᠎ᠦᠨ ᠰᠣᠨᠢᠨ ᠮᠡᠳᠡᠭᠡᠨ᠎ᠦ ᠰᠢᠯᠵᠢᠶ᠎ᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄
兼容浏览器的HTML页面