ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-07-09 11:20:18

ᠵᠣᠬᠢᠶᠠᠭ᠍ᠴᠢ᠄ ᠪᠠᠢ ᠯᠢᠶᠠᠨ ᠣᠩᠱᠢᠭ᠍ᠰᠠᠨ ᠣᠳᠠᠭ᠎ᠠ᠄

7 ᠰᠠᠷ᠎ᠠ᠎ᠶᠢᠨ 5᠎ᠤ ᠡᠳᠦᠷ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠠᠴᠠ ᠭᠣᠣᠯᠯᠠᠨ ᠡᠷᠭᠢᠯᠡᠭᠰᠡᠨ 《ᠳᠤᠮᠳᠠᠳᠤ ᠤᠯᠤᠰ᠎ᠤᠨ ᠪᠡᠶ᠎ᠡ᠎ᠪᠡᠨ ᠳᠠᠭᠠᠭᠠᠭᠰᠠᠨ ᠬᠢᠯᠢ ᠬᠢᠵᠠᠭᠠᠷ᠎ᠤᠨ ᠰᠤᠳᠤᠯᠤᠯ᠎ᠤᠨ ᠮᠡᠳᠡᠯᠭᠡ᠎ᠶᠢᠨ ᠰᠢᠰᠲᠧᠮ ᠬᠢᠭᠡᠳ ᠡᠷᠬᠢᠨ ᠲᠣᠭᠣᠷᠢᠨ᠎ᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ》 ᠳᠡᠭᠡᠳᠦ ᠲᠠᠰ᠎ᠤᠨ ᠶᠠᠷᠢᠶᠠᠨ᠎ᠤ ᠲᠠᠪᠴᠠᠩ ᠵᠢᠴᠢ ᠳᠤᠮᠳᠠᠳᠤ ᠮᠣᠩᠭᠣᠯ ᠣᠷᠣᠰ᠎ᠤᠨ ᠬᠥᠭᠵᠢᠯᠲᠡ᠎ᠶᠢᠨ ᠰᠤᠳᠤᠯᠭᠠᠨ᠎ᠤ ᠬᠦᠷᠢᠶᠡᠯᠡᠩ (ᠣᠷᠣᠨ ᠪᠦᠰᠡ᠎ᠶᠢᠨ ᠤᠯᠤᠰ᠎ᠤᠨ ᠢᠯᠭᠠᠯ᠎ᠤᠨ ᠰᠤᠳᠤᠯᠭᠠᠨ᠎ᠤ ᠬᠦᠷᠢᠶᠡᠯᠡᠩ)᠎ᠤᠨ ᠫᠠᠢᠰᠠ ᠰᠡᠬᠦᠬᠦ ᠶᠣᠰᠣᠯᠠᠯ ᠬᠥᠬᠡᠬᠣᠲᠠ᠎ᠳᠤ ᠶᠠᠪᠤᠭᠳᠠᠪᠠ᠃


QQ截图20260709112121.png


ᠶᠠᠷᠢᠶᠠᠨ᠎ᠤ ᠲᠠᠪᠴᠠᠩ ᠳᠡᠭᠡᠷ᠎ᠡ᠂ ᠤᠯᠠᠨ ᠲᠤᠰᠬᠠᠢ ᠮᠡᠷᠭᠡᠵᠢᠯᠲᠡᠨ ᠡᠷᠳᠡᠮᠲᠡᠨ ᠦᠨᠳᠦᠰᠦᠲᠡᠨ᠎ᠦ ᠰᠤᠳᠤᠯᠤᠯ᠂ ᠬᠥᠮᠥᠨ ᠲᠥᠷᠥᠯᠬᠢᠲᠡᠨ᠎ᠦ ᠰᠤᠳᠤᠯᠤᠯ᠂ ᠬᠠᠭᠤᠴᠢ ᠰᠤᠳᠤᠯᠤᠯ᠂ ᠲᠡᠦᠬᠡ᠎ᠶᠢᠨ ᠤᠬᠠᠭᠠᠨ᠂ ᠨᠡᠢᠭᠡᠮ᠎ᠦᠨ ᠤᠬᠠᠭᠠᠨ᠂ ᠤᠯᠤᠰ ᠲᠦᠷᠦ᠎ᠶᠢᠨ ᠤᠬᠠᠭᠠᠨ᠂ ᠭᠠᠵᠠᠷ ᠵᠦᠢ᠎ᠶᠢᠨ ᠤᠬᠠᠭᠠᠨ᠂ ᠠᠮᠢ ᠠᠬᠤᠢ᠎ᠶᠢᠨ ᠤᠬᠠᠭᠠᠨ᠂ ᠠᠵᠤ ᠠᠬᠤᠢ᠎ᠶᠢᠨ ᠤᠬᠠᠭᠠᠨ ᠵᠡᠷᠭᠡ ᠰᠢᠨᠵᠢᠯᠡᠭᠡᠨ᠎ᠦ ᠰᠠᠯᠠᠭ᠎ᠠ ᠠᠯᠤᠰᠯᠠᠭᠰᠠᠨ ᠲᠠᠯ᠎ᠠ᠎ᠠᠴᠠ ᠬᠢᠯᠢ ᠬᠢᠵᠠᠭᠠᠷ᠎ᠤᠨ ᠵᠠᠰᠠᠯᠲᠠ᠂ ᠣᠷᠣᠨ ᠪᠦᠰᠡ᠎ᠶᠢᠨ ᠤᠯᠤᠰ᠎ᠤᠨ ᠢᠯᠭᠠᠯ᠎ᠤᠨ ᠰᠤᠳᠤᠯᠭᠠᠨ᠂ ᠳᠤᠮᠳᠠᠳᠤ ᠮᠣᠩᠭᠣᠯ ᠤᠷᠤᠰ᠎ᠤᠨ ᠬᠠᠮᠲᠤᠷᠠᠯᠴᠠᠭ᠎ᠠ ᠪᠣᠯᠣᠨ ᠡᠷᠬᠢᠨ ᠲᠣᠭᠣᠷᠢᠨ᠎ᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ ᠵᠡᠷᠭᠡ ᠵᠥᠪᠯᠡᠬᠦ ᠰᠡᠳᠦᠪ᠎ᠦᠨ ᠲᠡᠦᠬᠡ ᠪᠣᠯᠣᠨ ᠣᠳᠣᠬᠢ ᠪᠠᠢᠳᠠᠯ᠂ ᠤᠨᠤᠯ ᠠᠷᠭ᠎ᠠ ᠵᠢᠴᠢ ᠰᠤᠳᠤᠯᠭᠠᠨ᠎ᠤ ᠬᠦᠷᠢᠶᠡᠨ᠎ᠦ ᠰᠣᠯᠪᠢᠴᠠᠯ ᠠᠭᠤᠰᠤᠯᠴᠠᠯ ᠵᠡᠷᠭᠡ᠎ᠶᠢᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠵᠠᠢ᠃ ᠪᠡᠭᠡᠵᠢᠩ ᠶᠡᠬᠡ ᠰᠤᠷᠭᠠᠭᠤᠯᠢ ᠂ ᠴᠢᠩᠬᠤᠸᠠ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ᠂ ᠵᠦᠩᠱᠠᠨ ᠶᠡᠬᠡ ᠰᠤᠷᠭᠠᠭᠤᠯᠢ᠂ ᠰᠢᠶᠠᠮᠧᠨ ᠶᠡᠬᠡ ᠰᠤᠷᠭᠠᠭᠤᠯᠢ᠂ ᠰᠧᠴᠦᠸᠠᠨ ᠶᠡᠬᠡ ᠰᠤᠷᠭᠠᠭᠤᠯᠢ᠂ ᠯᠠᠨᠵᠧᠦ ᠶᠡᠬᠡ ᠰᠤᠷᠭᠠᠭᠤᠯᠢ ᠵᠡᠷᠭᠡ ᠤᠯᠤᠰ᠎ᠤᠨ ᠳᠣᠲᠣᠭᠠᠳᠤ᠎ᠶᠢᠨ ᠲᠡᠷᠢᠭᠦᠨ ᠵᠡᠷᠭᠡ᠎ᠶᠢᠨ ᠶᠡᠬᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ 40 ᠭᠠᠷᠤᠢ ᠨᠠᠷᠠᠲᠤ ᠲᠤᠰᠬᠠᠢ ᠮᠡᠷᠭᠡᠵᠢᠯᠲᠡᠨ ᠡᠷᠳᠡᠮᠲᠡᠨ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃


QQ截图20260709112136.png


ᠬᠤᠷᠠᠯ᠎ᠤᠨ ᠬᠤᠭᠤᠴᠠᠭᠠᠨ᠎ᠳᠤ ᠪᠠᠰᠠ ᠳᠤᠮᠳᠠᠳᠤ ᠮᠣᠩᠭᠣᠯ ᠤᠷᠤᠰ᠎ᠤᠨ ᠬᠥᠭᠵᠢᠯᠲᠡ᠎ᠶᠢᠨ ᠰᠤᠳᠤᠯᠭᠠᠨ᠎ᠤ ᠬᠦᠷᠢᠶᠡᠯᠡᠩ (ᠣᠷᠣᠨ ᠪᠦᠰᠡ᠎ᠶᠢᠨ ᠤᠯᠤᠰ᠎ᠤᠨ ᠢᠯᠭᠠᠯ᠎ᠤᠨ ᠰᠤᠳᠤᠯᠭᠠᠨ᠎ᠤ ᠬᠦᠷᠢᠶᠡᠯᠡᠩ) ᠫᠠᠢᠰᠠ ᠰᠡᠬᠦᠪᠡ᠃ ᠰᠤᠳᠤᠯᠭᠠᠨ᠎ᠤ ᠬᠦᠷᠢᠶᠡᠯᠡᠩ ᠨᠢ ᠤᠯᠤᠰ᠎ᠤᠨ ᠤᠮᠠᠷᠠᠰᠢ ᠨᠡᠭᠡᠭᠡᠯᠲᠡ ᠬᠢᠬᠦ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ᠂ ᠡᠷᠳᠡᠮ ᠰᠢᠨᠵᠢᠯᠡᠭᠡᠨ᠎ᠦ ᠨᠥᠯᠥᠭᠡᠯᠡᠬᠦ ᠬᠦᠴᠦᠨ ᠪᠠ ᠰᠢᠢᠳᠪᠦᠷᠢᠲᠦ ᠪᠣᠳᠣᠯᠭ᠎ᠠ᠎ᠶᠢᠨ ᠯᠠᠪᠯᠠᠯᠲᠠ᠎ᠶᠢᠨ ᠦᠨ᠎ᠡ ᠦᠷᠳᠡᠭ᠎ᠲᠠᠢ ᠴᠢᠬᠤᠯᠠ ᠦᠷ᠎ᠡ ᠪᠦᠲᠦᠭᠡᠯ᠎ᠢ ᠪᠦᠷᠢᠯᠳᠦᠭᠦᠯᠵᠦ᠂ ᠤᠯᠠᠨ ᠤᠯᠤᠰ᠎ᠤᠨ ᠬᠠᠷᠠᠭ᠎ᠠ᠎ᠲᠠᠢ᠂ ᠬᠢᠯᠢ ᠬᠢᠵᠠᠭᠠᠷ᠎ᠤᠨ ᠵᠠᠰᠠᠯᠲᠠ᠎ᠶᠢᠨ ᠰᠤᠳᠤᠯᠭᠠᠨ᠎ᠤ ᠳᠡᠭᠡᠳᠦ ᠲᠡᠰ᠎ᠤᠨ ᠴᠢᠳᠠᠪᠤᠷᠢᠲᠠᠨ᠎ᠢ ᠬᠥᠮᠥᠵᠢᠭᠦᠯᠵᠦ᠂ ᠬᠢᠯᠢ ᠬᠢᠵᠠᠭᠠᠷ᠎ᠤᠨ ᠰᠤᠳᠤᠯᠭᠠᠨ᠂ ᠣᠷᠣᠨ ᠪᠦᠰᠡ᠎ᠶᠢᠨ ᠤᠯᠤᠰ᠎ᠤᠨ ᠢᠯᠭᠠᠯ᠎ᠤᠨ ᠰᠤᠳᠤᠯᠭᠠᠨ ᠪᠠ ᠳᠤᠮᠳᠠᠳᠤ ᠤᠯᠤᠰ᠎ᠤᠨ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲ᠋ᠸᠮ᠎ᠤᠨ ᠪᠠᠢᠭᠤᠯᠤᠯᠲᠠ ᠳᠤᠮᠳᠠ ᠴᠢᠬᠤᠯᠠ ᠶᠡᠬᠡ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ᠎ᠢ ᠴᠢᠷᠮᠠᠢᠨ ᠭᠠᠷᠭᠠᠬᠤ ᠪᠣᠯᠣᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄
兼容浏览器的HTML页面