2026-07-10 16:09:10
7 ᠰᠠᠷ᠎ᠠ᠎ᠶᠢᠨ 6᠎ᠤ ᠡᠳᠦᠷ᠂ ᠬᠢᠩᠭᠠᠨ ᠠᠢᠮᠠᠭ᠎ᠤᠨ ᠷᠠᠰᠢᠶᠠᠨ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠵᠢᠯᠣᠭᠣᠴᠢ ᠦᠭᠡᠢ ᠨᠢᠰᠬᠡᠯ᠎ᠦᠨ ᠠᠮᠢ ᠠᠬᠤᠢ᠎ᠶᠢᠨ ᠲᠣᠭᠣᠷᠢᠨ ᠬᠠᠮᠠᠭᠠᠯᠠᠬᠤ ᠳᠤᠮᠳᠠ ᠠᠩᠭᠢ ᠦ᠋ ᠴᠠ ᠭᠧᠦ᠎ᠶᠢᠨ ᠣᠶ ᠰᠢᠭᠤᠢ᠎ᠶᠢᠨ ᠲᠣᠪᠴᠢᠶ᠎ᠠ᠎ᠶᠢᠨ ᠬᠠᠢᠯᠠᠰᠤᠲᠠᠢ ᠣᠶ ᠰᠢᠭᠤᠢ᠎ᠶᠢᠨ ᠲᠠᠯᠠᠪᠠᠶ᠎ᠠᠴᠠ ᠰᠦᠷᠦᠭ ᠵᠡᠭᠡᠷ᠎ᠡ ᠶᠠᠭ ᠢᠳᠡᠰᠢᠯᠡᠵᠦ ᠪᠠᠢᠬᠤ᠎ᠶᠢ ᠪᠠᠢᠴᠠᠭᠠᠨ ᠣᠯᠪᠠ᠃ ᠡᠨᠡ ᠪᠣᠯ ᠷᠠᠰᠢᠶᠠᠨ ᠬᠣᠲᠠ᠎ᠶᠢᠨ ᠵᠣᠨ᠎ᠤ ᠤᠯᠠᠷᠢᠯ᠎ᠳᠤ ᠢᠯᠡᠷᠡᠭᠦᠯᠦᠭᠰᠡᠨ ᠲᠣᠭ᠎ᠠ ᠬᠡᠮᠵᠢᠶ᠎ᠡ᠎ᠪᠡᠷ ᠨᠡᠯᠢᠶᠡᠳ ᠶᠡᠬᠡ ᠵᠡᠭᠡᠷ᠎ᠡ᠎ᠶᠢᠨ ᠰᠦᠷᠦᠭ ᠪᠣᠯᠣᠨ᠎ᠠ᠂ ᠮᠥᠨ ᠴᠦ᠍ ᠬᠢᠩᠭᠠᠨ ᠠᠢᠮᠠᠭ ᠡᠴᠡ ᠵᠣᠨ᠎ᠤ ᠤᠯᠠᠷᠢᠯ᠎ᠳᠤ ᠢᠯᠡᠷᠡᠭᠦᠯᠦᠭᠰᠡᠨ ᠲᠣᠭ᠎ᠠ ᠬᠡᠮᠵᠢᠶ᠎ᠡ᠎ᠪᠡᠷ ᠬᠠᠮᠤᠭ᠎ᠤᠨ ᠣᠯᠠᠨ ᠨᠢᠭᠡ ᠤᠳᠠᠭ᠎ᠠ ᠵᠢᠨ ᠵᠡᠷᠯᠢᠭ ᠵᠡᠭᠡᠷ᠎ᠡ᠎ᠶᠢᠨ ᠰᠦᠷᠦᠭ ᠪᠣᠯᠣᠨ᠎ᠠ᠃

ᠬᠢᠨᠠᠨ ᠬᠡᠮᠵᠢᠭᠰᠡᠨ ᠵᠢᠷᠤᠭ᠎ᠠᠴᠠ ᠦᠵᠡᠪᠡᠯ᠂ ᠲᠣᠰ ᠰᠦᠷᠦᠭ᠎ᠲᠤ ᠪᠠᠷᠤᠭ ᠵᠢᠷᠠᠨ ᠵᠡᠷᠯᠢᠭ ᠵᠡᠭᠡᠷ᠎ᠡ ᠪᠠᠢᠵᠤ᠂ ᠬᠡᠲᠦ ᠬᠡᠲᠦ᠎ᠪᠠᠷ ᠰᠦᠷᠦᠭᠯᠡᠵᠦ᠂ ᠬᠠᠶᠠ ᠡᠪᠡᠰᠦ ᠵᠤᠯᠭᠠᠭᠠᠨ ᠲᠤᠩᠭᠤᠢᠵᠤ᠂ ᠬᠠᠶᠠ ᠡᠷᠭᠢᠨ ᠲᠤᠭᠤᠷᠢᠨ ᠵᠢᠡᠨ ᠰᠡᠷᠡᠮᠵᠢᠲᠡᠢ ᠨᠢ ᠠᠷᠭ᠎ᠠ ᠦᠭᠡᠢ ᠴᠢᠩᠨᠠᠵᠤ ᠪᠠᠢᠯ᠎ᠠ᠃

ᠵᠡᠷᠯᠢᠭ ᠵᠡᠭᠡᠷ᠎ᠡ᠎ᠶᠢ ᠪᠠᠰᠠ 《ᠮᠣᠩᠭᠣᠯ ᠪᠥᠬᠥᠩ》 ᠭᠡᠳᠡᠭ᠂ ᠤᠯᠤᠰ᠎ᠤᠨ ᠨᠢᠭᠡᠳᠦᠭᠡᠷ ᠳᠡᠰ᠎ᠤᠨ ᠬᠠᠮᠠᠭᠠᠯᠠᠯᠲᠠ᠎ᠶᠢᠨ ᠠᠮᠢᠲᠠᠨ ᠪᠣᠯᠣᠨ᠎ᠠ᠂ ᠨᠢᠭᠡᠨᠲᠡ 《ᠳᠡᠯᠡᠬᠡᠢ᠎ᠶᠢᠨ ᠪᠠᠢᠭᠠᠯᠢ᠎ᠶᠢᠨ ᠬᠠᠮᠠᠭᠠᠯᠠᠯᠲᠠ᠎ᠶᠢᠨ ᠬᠣᠯᠪᠣᠭᠠᠨ᠎ᠤ ᠤᠰᠠᠳᠬᠤ ᠰᠢᠬᠠᠭᠰᠠᠨ ᠳᠦᠷᠰᠦ᠎ᠶᠢᠨ ᠤᠯᠠᠭᠠᠨ ᠨᠤᠮ》᠎ᠳᠤ ᠵᠢᠭᠰᠠᠭᠠᠭᠳᠠᠵᠠᠢ᠃ ᠥᠩᠭᠡᠷᠡᠭᠰᠡᠨ ᠵᠢᠯ᠎ᠦᠳ᠎ᠲᠤ᠂ ᠮᠣᠩᠭᠣᠯ᠎ᠤᠨ ᠥᠨᠳᠥᠷᠯᠢᠭ᠎ᠦᠨ ᠠᠭᠠᠷ᠎ᠤᠨ ᠳᠤᠯᠠᠭᠠᠨ ᠭᠡᠨᠡᠳᠲᠡ ᠪᠠᠭᠤᠷᠠᠬᠤ ᠦᠶ᠎ᠡ᠎ᠳᠦ᠂ ᠵᠡᠷᠯᠢᠭ ᠵᠡᠭᠡᠷ᠎ᠡ ᠡᠪᠦᠯ᠎ᠦᠨ ᠤᠯᠠᠷᠢᠯ᠎ᠳᠤ ᠰᠦᠷᠦᠭᠯᠡᠨ ᠡᠮᠦᠨᠡᠰᠢᠯᠡᠵᠦ᠂ ᠷᠠᠰᠢᠶᠠᠨ ᠣᠷᠣᠨ᠎ᠳᠤ ᠢᠷᠡᠵᠦ ᠡᠪᠦᠯᠵᠢᠳᠡᠭ᠂ ᠲᠣᠭ᠎ᠠ ᠨᠢ ᠬᠠᠮᠤᠭ᠎ᠤᠨ ᠣᠯᠠᠨ᠎ᠳᠠᠭᠠᠨ ᠲᠦᠮᠡ ᠰᠢᠬᠠᠳᠠᠭ ᠪᠠᠢᠪᠠ᠃ ᠬᠠᠪᠤᠷ ᠨᠢ ᠳᠠᠬᠢᠭᠠᠳ ᠮᠣᠩᠭᠣᠯ ᠤᠯᠤᠰ᠎ᠲᠤ ᠪᠤᠴᠠᠵᠤ ᠦᠷ᠎ᠡ ᠲᠦᠯ ᠵᠢᠡᠨ ᠦᠷᠡᠵᠢᠭᠦᠯᠳᠡᠭ᠃ ᠬᠠᠷᠢᠨ ᠡᠨᠡ ᠵᠢᠯ᠎ᠤᠨ ᠬᠢ ᠰᠢᠭ ᠳᠣᠯᠣᠳᠤᠭᠠᠷ ᠰᠠᠷ᠎ᠠ᠎ᠳᠤ ᠮᠥᠨ ᠰᠦᠷᠦᠭ ᠵᠢᠡᠷ ᠡᠨᠳᠡ ᠦᠯᠡᠳᠡᠳᠡᠭ ᠲᠤᠬᠢᠶᠠᠯᠳᠤᠯ ᠤᠯᠠᠨ ᠪᠢᠰᠢ᠃

ᠣᠢᠷ᠎ᠠ᠎ᠶᠢᠨ ᠵᠢᠯ᠎ᠦᠨ ᠲᠤᠷᠰᠢ᠂ ᠬᠢᠩᠭᠠᠨ ᠠᠢᠮᠠᠭ ᠣᠶ ᠰᠢᠭᠤᠢ ᠨᠤᠲᠤᠭ ᠪᠡᠯᠴᠢᠭᠡᠷ᠎ᠦᠨ ᠳᠠᠷᠤᠭ᠎ᠠ᠎ᠶᠢᠨ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠮᠠᠯᠵᠢᠬᠤ᠎ᠶᠢ ᠵᠣᠭᠰᠣᠭᠠᠵᠤ ᠡᠪᠡᠰᠦ ᠪᠡᠯᠴᠢᠭᠡᠷ᠎ᠢ ᠰᠡᠷᠭᠦᠭᠡᠬᠦ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠪᠠ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠬᠠᠮᠠᠭᠠᠯᠠᠯᠲᠠ᠎ᠳᠤ ᠨᠦᠬᠦᠪᠦᠷᠢ ᠱᠠᠩᠨᠠᠯ ᠦᠭᠬᠦ ᠵᠡᠷᠭᠡ ᠲᠥᠷᠥ᠎ᠶᠢᠨ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠶᠡᠬᠡ ᠬᠡᠪᠴᠢᠶ᠎ᠡ᠎ᠪᠡᠷ ᠲᠠᠴᠢᠷᠳᠠᠭᠰᠠᠨ ᠨᠤᠲᠤᠭ ᠪᠡᠯᠴᠢᠭᠡᠷ᠎ᠢ ᠠᠮᠤᠷᠵᠢᠭᠤᠯᠤᠨ ᠰᠡᠷᠭᠦᠭᠡᠪᠡ᠃ ᠡᠭᠦᠨ᠎ᠦ ᠬᠠᠮᠲᠤ᠂ 《ᠠᠭᠠᠷ ᠣᠭᠲᠠᠷᠭᠤᠢ ᠭᠠᠵᠠᠷ》᠎ᠢ ᠨᠢᠭᠡ ᠴᠣᠭᠴᠠᠵᠢᠭᠤᠯᠤᠨ ᠬᠢᠨᠠᠨ ᠬᠡᠮᠵᠢᠬᠦ ᠲᠣᠣᠷ ᠰᠦᠯᠵᠢᠶ᠎ᠡ ᠪᠠ 《ᠠᠮᠢ ᠠᠬᠤᠢ᠎ᠶᠢᠨ ᠴᠠᠭᠳᠠᠭᠠᠨ᠎ᠤ ᠶᠠᠪᠤᠳᠠᠯ》᠎ᠤᠨ ᠲᠣᠭᠲᠠᠴᠠ᠎ᠶᠢ ᠪᠠᠢᠭᠤᠯᠵᠤ᠂ ᠬᠠᠮᠲᠤᠷᠠᠭᠰᠠᠨ ᠲᠣᠭᠣᠷᠢᠨ ᠬᠠᠮᠠᠭᠠᠯᠠᠯᠲᠠ ᠪᠠ ᠲᠤᠰᠬᠠᠢ ᠬᠠᠮᠠᠭᠠᠯᠠᠯᠲᠠ᠎ᠶᠢᠨ ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠵᠦ᠂ ᠡᠯᠪᠡᠭ ᠰᠠᠢᠬᠠᠨ ᠤᠰᠤ ᠪᠡᠯᠴᠢᠭᠡᠷ ᠪᠠ ᠠᠮᠤᠷ ᠲᠠᠢᠪᠤᠩ ᠣᠷᠴᠢᠨ ᠲᠣᠭᠣᠷᠢᠨ᠎ᠢ ᠪᠣᠶ ᠪᠣᠯᠭᠠᠵᠤ᠂ ᠡᠲᠡᠭᠡᠷ ᠲᠠᠯ᠎ᠠ ᠨᠤᠲᠤᠭ᠎ᠤᠨ ᠠᠮᠢᠲᠠᠨ ᠭᠤᠤᠯᠲᠠᠨᠢ ᠠᠯᠬᠤᠮ ᠠᠯᠬᠤᠮ᠎ᠢᠶᠠᠷ ᠲᠠᠢᠪᠤᠩ ᠤᠷᠴᠢᠨ᠎ᠳᠤ ᠲᠠᠰᠬᠠᠵᠠᠢ᠃ ᠢᠩᠭᠢᠭᠰᠡᠨ ᠵᠢᠡᠷ ᠷᠠᠰᠢᠶᠠᠨ ᠴᠤ᠌ ᠡᠪᠦᠯᠵᠢᠶ᠎ᠡ ᠨᠡᠭᠦᠳᠡᠯ᠎ᠦᠨ ᠦᠷᠲᠡᠭᠡ ᠪᠠᠢᠭᠰᠠᠨ᠎ᠠᠴᠠ᠎ᠪᠠᠨ ᠵᠢᠯ ᠲᠤᠷᠰᠢ ᠣᠷᠣᠩᠨᠠᠨ ᠠᠮᠢᠳᠤᠷᠠᠬᠤ ᠭᠡᠷ ᠣᠷᠣᠨ ᠪᠣᠯᠤᠭᠰᠠᠨ ᠪᠠᠢᠨ᠎ᠠ᠃ ᠡᠨᠡ ᠤᠳᠠᠭ᠎ᠠ᠎ᠶᠢᠨ ᠵᠡᠭᠡᠷ᠎ᠡ᠎ᠶᠢᠨ ᠰᠦᠷᠦᠭ ᠨᠢ ᠳᠠᠷᠤᠢ ᠠᠮᠢ ᠠᠬᠤᠢ᠎ᠶᠢᠨ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠮᠵᠢ᠎ᠶᠢᠨ ᠬᠦᠴᠦᠲᠡᠢ ᠭᠡᠷᠡᠴᠢ ᠪᠣᠯᠣᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃