2026-07-13 16:59:03
ᠡᠳ᠋᠎ᠦᠨ ᠵᠠᠰᠠᠭ᠎ᠤᠨ ᠪᠠᠯᠠ ᠮᠥᠩᠭᠥ᠎ᠶᠢᠨ ᠬᠡᠷᠡᠭᠯᠡᠯᠲᠡ᠎ᠶᠢᠨ ᠦᠷ᠎ᠡ ᠪᠦᠲᠦᠮᠵᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠍᠂ ᠰᠢᠯᠢᠳᠡᠭ ᠰᠣᠶᠣᠯ᠎ᠤᠨ ᠡᠬᠢ ᠪᠠᠶᠠᠯᠢᠭ᠎ᠢ ᠦᠨᠳᠦᠰᠦᠨ ᠱᠠᠲᠤᠨ᠎ᠳᠦ ᠬᠠᠨᠳᠤᠭᠤᠯᠬᠤ᠎ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠣᠶ᠋ᠢᠷ᠎ᠠ᠎ᠳᠤ 2026 ᠣᠨ᠎ᠤ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠰᠢᠰᠲ᠋ᠧᠮ᠎ᠤᠨ ᠪᠠᠶ᠋ᠢᠭᠤᠯᠤᠯᠲᠠ᠎ᠳᠦ ᠬᠡᠷᠡᠭᠯᠡᠬᠦ 9 ᠳ᠋ᠦᠩᠰᠢᠭᠤᠷ ᠲᠥᠭᠥᠷᠢᠭ᠎ᠦᠨ ᠪᠠᠯᠠ ᠮᠥᠩᠭᠥ᠎ᠶᠢ ᠪᠠᠭᠤᠯᠭᠠᠵᠤ᠂ ᠣᠲᠣ ᠦᠶ᠎ᠡ᠎ᠶᠢᠨ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠰᠢᠰᠲ᠋ᠧᠮ᠎ᠤᠨ ᠪᠠᠶ᠋ᠢᠭᠤᠯᠤᠯᠲᠠ᠎ᠶᠢ ᠪᠥᠬᠥ᠌ ᠲᠠᠯ᠎ᠠ᠎ᠪᠠᠷ ᠭᠦᠢᠴᠡᠳᠬᠡᠵᠦ᠍᠂ ᠦᠨᠳᠦᠰᠦᠨ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠪᠠᠷᠢᠮᠵᠢᠶᠠᠵᠢᠯᠲᠠ᠂ ᠲᠡᠩᠴᠡᠭᠦᠷᠢᠰᠢᠭᠦᠯᠦᠯᠲᠡᠶᠢ ᠳᠡᠮᠵᠢᠵᠦ᠍᠂ ᠬᠣᠲᠠ ᠬᠥᠳᠡᠭᠡ᠎ᠶᠢ ᠬᠠᠮᠤᠷᠤᠭᠰᠠᠨ ᠣᠲᠣ ᠦᠶ᠎ᠡ᠎ᠶᠢᠨ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠲᠤᠤᠷ ᠰᠦᠯᠵᠢᠶ᠎ᠡ᠎ᠶᠢ ᠪᠠᠶ᠋ᠢᠭᠤᠯᠬᠤ᠎ᠶᠢ ᠢᠳᠡᠪᠬᠢᠲᠡᠶ ᠠᠬᠢᠭᠤᠯᠬᠤ ᠪᠡᠷ ᠪᠤᠯᠪᠠ᠃
ᠲᠣᠰ ᠵᠦᠢᠯ᠎ᠦᠨ ᠪᠠᠯᠠ ᠮᠥᠩᠭᠥ᠎ᠶᠢᠨ ᠬᠤᠪᠢᠶᠠᠷᠢᠯᠠᠯᠲᠠ᠎ᠳᠤ 《ᠨᠢᠭᠡᠳᠦᠯᠲᠡᠶ ᠲᠥᠯᠥᠪᠯᠡᠨ ᠨᠡᠶ᠋ᠢᠲᠡ᠎ᠳᠦ᠎ᠨᠢ ᠬᠠᠷᠠᠭᠠᠯᠵᠠᠬᠤ᠂ ᠭᠤᠤᠯᠳᠠᠯᠭ᠎ᠠ᠎ᠶᠢ ᠳᠣᠪᠣᠶ᠋ᠢᠯᠭᠠᠬᠤ᠂ ᠠᠵᠢᠯ᠎ᠤᠨ ᠠᠮᠵᠢᠯᠲᠠ ᠪᠦᠲᠦᠮᠵᠢ᠎ᠶᠢ ᠴᠢᠬᠤᠯᠠᠴᠢᠯᠠᠬᠤ᠂ ᠲᠤᠰᠬᠠᠶ ᠵᠣᠭᠣᠰ᠎ᠢ ᠲᠤᠰᠬᠠᠶ ᠬᠡᠷᠡᠭᠯᠡᠬᠦ᠌》 ᠵᠠᠷᠴᠢᠮ᠎ᠢ ᠪᠠᠷᠢᠮᠲᠠᠯᠠᠵᠤ᠂ ᠪᠠᠯᠠ ᠮᠥᠩᠭᠥ᠎ᠶᠢᠨ ᠣᠷᠣᠭᠤᠯᠤᠯᠲᠠ᠎ᠶᠢᠨ ᠬᠠᠨᠳᠤᠰᠢ᠎ᠶᠢᠨ ᠲᠠᠯ᠎ᠠ᠎ᠪᠠᠷ ᠵᠢᠱ᠌ᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠪᠠ ᠨᠡᠶ᠋ᠢᠳᠡᠮ ᠠᠰᠢᠭ ᠬᠦᠷᠲᠡᠭᠡᠬᠦ᠌ ᠪᠠᠲᠤᠯᠠᠭ᠎ᠠ᠎ᠶᠢᠨ ᠣᠷᠭᠠᠨᠢᠭ ᠨᠢᠭᠡᠳᠦᠯ᠎ᠢ ᠪᠡᠶᠡᠯᠡᠭᠦᠯᠦᠨ᠎ᠡ᠃
ᠭᠤᠤᠯᠳᠠᠯᠭ᠎ᠠ᠎ᠲᠠᠶ ᠲᠥᠷᠥᠯ ᠵᠦᠢᠯ᠎ᠢ ᠣᠨᠣᠪᠴᠢᠲᠠᠶ ᠲᠠᠯᠪᠢᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ᠎ᠡ᠃ ᠪᠠᠯᠠ ᠮᠥᠩᠭᠥ᠎ᠶᠢ ᠷᠠᠳᠢᠣ᠋ ᠲᠧᠯᠸᠢᠰ᠎ᠦᠨ ᠫᠷᠤᠭ᠌ᠷᠠᠮ᠎ᠢ ᠤᠲᠠᠰᠤ ᠥᠬᠡᠢᠵᠢᠭᠦᠯᠭᠦ ᠵᠢ ᠪᠦᠷᠬᠦᠭᠦᠯᠬᠦ᠂ ᠰᠢ ᠲᠠᠭᠤᠤᠷᠢᠯᠢᠬ᠎ᠤᠨ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠶ ᠲᠣᠭᠯᠠᠯᠲᠠ ᠭᠠᠷᠭᠠᠬᠤ᠂ ᠣᠯᠠᠨ ᠨᠡᠶ᠋ᠢᠲᠡ᠎ᠶᠢᠨ ᠲᠣᠭᠠᠴᠢᠯᠠᠭᠰᠠᠨ ᠰᠣᠶᠣᠯ᠎ᠤᠨ ᠪᠠᠶ᠋ᠢᠭᠤᠯᠤᠯᠲᠠ᠂ ᠰᠣᠶᠣᠯ ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ᠎ᠢ ᠰᠦᠢᠳᠬᠡᠯ ᠬᠤᠷᠢᠶᠠᠬᠤ ᠥᠬᠡᠶ ᠪᠤᠶᠤ ᠰᠦᠢᠳᠬᠡᠯ ᠪᠠᠭ᠎ᠠ ᠬᠤᠷᠢᠶᠠᠵᠤ ᠴᠢᠯᠥᠭᠡᠲᠡᠶ ᠨᠡᠭᠡᠭᠡᠬᠦ᠌ ᠵᠡᠷᠭᠡ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠦᠢᠯᠡᠳᠦᠯ᠎ᠲᠡᠶ ᠲᠥᠷᠥᠯ ᠵᠦᠢᠯ᠎ᠳᠦ ᠭᠤᠤᠯᠳᠠᠯᠭ᠎ᠠ᠎ᠲᠠᠶ ᠣᠷᠣᠭᠤᠯᠵᠤ᠂ ᠤᠯᠤᠰ᠎ᠤᠨ ᠰᠣᠶᠣᠯ᠎ᠢᠶᠠᠷ ᠠᠷᠠᠳ᠎ᠲᠤ᠌ ᠠᠰᠢᠭ ᠬᠦᠷᠲᠡᠭᠡᠬᠦ᠌ ᠢᠨᠵᠧᠨᠧᠷᠢᠩ᠎ᠦᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠬᠤ ᠪᠡᠷ ᠪᠠᠷᠠᠬᠤ ᠥᠬᠡᠶ᠂ ᠪᠠᠰᠠ ᠰᠣᠶᠣᠯ᠎ᠤᠨ ᠲᠠᠯᠠᠪᠤᠷ ᠣᠷᠳᠣᠨ᠎ᠢ ᠴᠢᠯᠥᠭᠡᠲᠡᠶ ᠪᠣᠯᠭᠠᠬᠤ᠂ ᠦᠨᠳᠦᠰᠦᠨ ᠱᠠᠲᠤᠨ᠎ᠤ ᠷᠠᠳᠢᠣ᠋ ᠲᠧᠯᠸᠢᠰ᠎ᠦᠨ ᠲᠦᠭᠦᠭᠡᠷᠦᠮᠵᠢ᠎ᠶᠢ ᠣᠷᠳᠣ ᠬᠤᠭᠤᠴᠠᠭ᠎ᠠ᠎ᠪᠠᠷ ᠪᠦᠲᠦᠮᠵᠢᠲᠡᠶ ᠠᠵᠢᠯᠯᠠᠭᠤᠯᠬᠤ ᠵᠡᠷᠭᠡ ᠰᠠᠭᠤᠷᠢ ᠴᠢᠨᠠᠷᠲᠠᠶ ᠪᠠᠲᠤᠯᠠᠭ᠎ᠠ ᠵᠢ ᠪᠡᠬᠢᠵᠢᠬᠦᠯᠵᠦ᠂ ᠲᠣᠭᠠᠴᠢᠯᠠᠭᠰᠠᠨ ᠴᠢᠳᠠᠪᠤᠷᠢ ᠣᠯᠭᠣᠬᠤ ᠪᠠ ᠲᠦᠭᠦᠭᠡᠷᠦᠮᠵᠢ᠎ᠶᠢ ᠲᠠᠰ ᠳᠡᠪᠰᠢᠭᠦᠯᠬᠦ᠌᠎ᠪᠡᠷ ᠳᠠᠮᠵᠢᠭᠤᠯᠤᠨ᠂ ᠣᠯᠠᠨ ᠲᠦᠮᠡᠨ᠎ᠳᠦ ᠨᠠᠩ ᠳᠥᠭᠥᠮ ᠳᠥᠲᠡ᠂ ᠨᠠᠩ ᠴᠢᠨᠠᠷ ᠰᠠᠶ᠋ᠢᠲᠠᠶ ᠣᠯᠠᠨ ᠨᠡᠶ᠋ᠢᠲᠡ᠎ᠶᠢᠨ ᠰᠣᠶᠣᠯ᠎ᠤᠨ ᠪᠦᠲᠦᠭᠡᠭᠳᠡᠬᠦᠨ ᠪᠠ ᠦᠢᠯᠡᠴᠢᠯᠡᠭᠡ ᠬᠠᠩᠭᠠᠨ᠎ᠠ᠃
ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ᠌ ᠠᠩᠬᠠᠷᠤᠯ᠎ᠢᠶᠠᠨ ᠲᠥᠪᠯᠡᠷᠡᠭᠦᠯᠦᠨ ᠬᠤᠪᠢᠶᠠᠷᠢᠯᠠᠯᠲᠠ᠎ᠶᠢ ᠴᠢᠩᠭᠠᠳᠬᠠᠨ᠎ᠠ᠃ ᠬᠡᠰᠡᠭ ᠪᠠᠯᠠ ᠮᠥᠩᠭᠥ᠎ᠶᠢ 《ᠨᠦᠬᠦᠴᠡᠯ ᠰᠢᠯᠳᠠᠭᠠᠨᠢ ᠦᠨᠳᠦᠰᠦᠯᠡᠨ》 ᠬᠤᠪᠢᠶᠠᠷᠢᠯᠠᠬᠤ ᠠᠷᠭ᠎ᠠ ᠮᠠᠶᠢᠭ᠎ᠢᠶᠠᠷ ᠡᠯ᠎ᠡ ᠠᠶ᠋ᠢᠮᠠᠭ ᠬᠣᠲᠠ ᠭᠠᠵᠠᠷ ᠣᠷᠣᠨ᠎ᠳᠤ ᠪᠠᠭᠤᠯᠭᠠᠵᠤ᠂ ᠣᠷᠣᠨ ᠨᠤᠲᠤᠭ᠎ᠲᠤ᠌ ᠨᠠᠩ ᠶᠡᠬᠡ ᠨᠢᠭᠡᠳᠦᠯᠲᠡᠶ ᠲᠥᠯᠥᠪᠯᠡᠬᠦ᠌ ᠡᠵᠡᠨ ᠮᠡᠳᠡᠬᠦ᠌ ᠡᠷᠬᠡ ᠣᠯᠭᠣᠨ᠎ᠠ᠃ ᠡᠯ᠎ᠡ ᠭᠠᠵᠠᠷ᠎ᠤᠨ᠎ᠬᠢᠨ ᠲᠣᠰ ᠭᠠᠵᠠᠷ᠎ᠤᠨ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠪᠠᠯᠠ ᠮᠥᠩᠭᠥ᠌ ᠲᠣᠬᠢᠷᠠᠭᠤᠯᠵᠤ᠂ ᠦᠨᠳᠦᠰᠦᠨ ᠱᠠᠲᠤᠨ᠎ᠤ ᠰᠣᠶᠣᠯ᠎ᠤᠨ ᠬᠠᠩᠭᠠᠯᠭ᠎ᠠ᠎ᠶᠢᠨ ᠳᠤᠲᠠᠭᠤᠳᠠᠯ᠎ᠢ ᠣᠨᠣᠪᠴᠢᠲᠠᠶ ᠨᠥᠬᠥᠪᠥᠷᠢᠯᠡᠵᠦ᠍᠂ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ 《ᠡᠴᠦᠰ᠎ᠦᠨ ᠨᠢᠭᠡ ᠺᠢᠯᠣᠮᠧᠲ᠋ᠷ》᠎ᠢ ᠨᠡᠪᠲᠡᠷᠡᠭᠦᠯᠵᠦ᠍ ᠪᠣᠯᠤᠨ᠎ᠠ᠃
ᠴᠤᠪᠤᠷᠠᠯ᠎ᠤᠨ ᠬᠢᠨᠠᠯᠲᠠ ᠬᠠᠮᠢᠶᠠᠷᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠰᠡᠷᠭᠡᠶ᠋ᠢᠯᠡᠯᠲᠡ᠎ᠶᠢᠨ ᠱᠤᠭᠤᠮ᠎ᠢ ᠪᠠᠲᠤ᠌ ᠴᠣᠭᠴᠠᠯᠠᠨ᠎ᠠ᠃ ᠪᠠᠯᠠ ᠮᠥᠩᠭᠥ᠎ᠶᠢ ᠲᠦᠷᠭᠡᠨ ᠰᠢᠯᠵᠢᠭᠦᠯᠦᠨ ᠥᠭᠬᠦ᠌᠎ᠶᠢᠨ ᠬᠠᠮᠲᠤ᠌᠂ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠨᠢ ᠲᠥᠰᠦᠪ᠎ᠦᠨ ᠬᠠᠮᠢᠶᠠᠷᠤᠯᠲᠠ᠎ᠶᠢ ᠨᠢᠭᠡ ᠴᠣᠭᠴᠠᠵᠢᠭᠤᠯᠬᠤ ᠰᠢᠰᠲ᠋ᠧᠮ᠎ᠳᠦ ᠲᠦᠰᠢᠭᠯᠡᠨ᠂ ᠪᠠᠯᠠ ᠮᠥᠩᠭᠥ᠎ᠶᠢᠨ ᠭᠦᠢᠯᠭᠡᠭᠡᠨ᠎ᠦ ᠬᠠᠨᠳᠤᠰᠢ᠎ᠶᠢ ᠬᠥᠳᠡᠯᠦᠩᠭᠦᠶ᠎ᠪᠡᠷ ᠬᠢᠨᠠᠨ ᠡᠵᠡᠮᠳᠡᠵᠦ᠍᠂ ᠰᠢᠬᠠᠨ ᠡᠵᠡᠯᠡᠬᠦ᠌᠂ ᠨᠡᠭᠦᠯᠭᠡᠨ ᠬᠡᠷᠡᠭᠯᠡᠬᠦ᠌᠂ ᠰᠠᠭᠠᠲᠠᠭᠠᠬᠤ ᠵᠡᠷᠭᠡ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠴᠢᠩᠭ᠎ᠠ ᠰᠡᠷᠭᠡᠶ᠋ᠢᠯᠡᠨ᠎ᠡ᠃ ᠪᠦᠬᠦ᠌ ᠶᠠᠪᠤᠴᠠ᠎ᠶᠢᠨ ᠲᠥᠰᠦᠪ᠎ᠦᠨ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ᠎ᠶᠢ ᠵᠡᠷᠭᠡ᠎ᠪᠡᠷ ᠭᠦᠨᠵᠡᠭᠡᠶ᠋ᠢᠷᠡᠭᠦᠯᠵᠦ᠍᠂ ᠪᠡᠯᠡ ᠮᠥᠩᠭᠥ᠎ᠶᠢᠨ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠢ ᠠᠵᠢᠯᠯᠠᠭ᠎ᠠ᠎ᠨᠢ ᠦᠨᠡᠨ ᠬᠦ᠌ ᠪᠠᠲᠤᠯᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃