2026-07-15 16:49:33
ᠣᠳᠣᠬᠠᠨ᠎ᠳᠤ᠂ ᠥᠪᠥᠷ ᠮᠣᠩᠭᠣᠯ ᠨᠢᠭᠡᠨᠲᠡ ᠦᠶᠡᠷ᠎ᠦᠨ ᠭᠤᠤᠯ ᠬᠤᠭᠤᠴᠠᠭᠠᠨ᠎ᠳᠤ ᠣᠷᠣᠪᠠ᠂ ᠦᠶᠡᠷ᠎ᠢ ᠰᠡᠷᠭᠡᠶ᠋ᠢᠯᠡᠵᠦ᠍ ᠭᠠᠮᠰᠢᠭ᠎ᠠᠴᠠ ᠠᠪᠤᠷᠠᠬᠤ ᠠᠵᠢᠯ᠎ᠢ ᠰᠠᠶ᠋ᠢᠲᠤᠷ ᠬᠢᠬᠦ᠌᠎ᠶᠢᠨ ᠲᠥᠯᠥᠭᠡ᠂ ᠪᠥᠬᠥ᠌ ᠣᠷᠣᠨ᠎ᠤ ᠤᠯᠠᠭᠠᠨ ᠵᠠᠭᠠᠯᠮᠠᠶ᠋ᠢᠲᠠᠨ᠎ᠤ ᠰᠢᠰᠲ᠋ᠧᠮ ᠡᠳ᠋ ᠪᠣᠳᠠᠰ ᠨᠥᠭᠡᠴᠡᠯᠡᠬᠦ᠌᠂ ᠡᠩᠨᠡᠭᠡ᠎ᠵᠢᠨ ᠪᠡᠯᠡᠳᠭᠡᠯ᠂ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠤᠬᠠᠭᠤᠯᠭ᠎ᠠ ᠵᠡᠷᠭᠡ ᠠᠵᠢᠯ᠎ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠰᠠᠬᠢᠨ ᠬᠠᠮᠠᠭᠠᠯᠠᠬᠤ ᠬᠥᠮᠦᠯᠢᠭ ᠰᠡᠷᠭᠡᠶ᠋ᠢᠯᠡᠯᠲᠡ᠎ᠶᠢᠨ ᠱᠤᠭᠤᠮ᠎ᠢ ᠦᠨᠡᠨ ᠬᠦ᠌ ᠪᠡᠬᠢᠵᠢᠭᠦᠯᠪᠡ᠃
ᠪᠦᠬᠦ᠌ ᠣᠷᠣᠨ᠎ᠤ ᠡᠯ᠎ᠡ ᠱᠠᠲᠤᠨ᠎ᠤ ᠤᠯᠠᠭᠠᠨ ᠵᠠᠭᠠᠯᠮᠠᠶ᠋ᠢᠲᠠᠨ᠎ᠤ ᠨᠡᠶ᠋ᠢᠭᠡᠮᠯᠢᠭ᠎ᠡᠴᠡ ᠡᠳ᠋ ᠪᠠᠷᠠᠭ᠎ᠠ ᠨᠥᠭᠡᠴᠡᠯᠡᠬᠦ᠌ 34 ᠬᠥᠮᠥᠷᠭᠡ᠎ᠳᠦ ᠬᠠᠳᠠᠭᠠᠯᠠᠵᠤ ᠪᠠᠶ᠋ᠢᠭ᠎ᠠ ᠮᠠᠶ᠋ᠢᠬᠠᠨ᠂ ᠡᠪᠬᠡᠮᠡᠯ ᠣᠷᠣ᠂ ᠬᠥᠪᠥᠩ ᠬᠥᠨᠵᠢᠯᠡ ᠳᠡᠪᠢᠰᠬᠡᠷ᠂ ᠭᠡᠷ ᠪᠦᠯᠢ᠎ᠶᠢᠨ ᠲᠡᠳᠬᠦᠮᠵᠢ᠎ᠶᠢᠨ ᠬᠠᠶ᠋ᠢᠷᠴᠠᠭ ᠵᠡᠷᠭᠡ ᠭᠠᠮᠰᠢᠭ᠎ᠠᠴᠠ ᠠᠪᠤᠷᠠᠬᠤ ᠡᠳ᠋ ᠪᠠᠷᠠᠭ᠎ᠠ᠎ᠶᠢ ᠪᠦᠬᠦ᠌ ᠲᠠᠯ᠎ᠠ᠎ᠪᠠᠷ ᠪᠦᠷᠢᠳᠬᠡᠵᠦ᠍᠂ ᠡᠳ᠋ ᠪᠠᠷᠠᠭ᠎ᠠ᠎ᠶᠢ ᠰᠢᠯᠵᠢᠭᠦᠯᠦᠨ ᠲᠡᠭᠡᠭᠡᠪᠦᠷᠢᠯᠡᠬᠦ᠌ ᠪᠡᠯᠡᠳᠬᠡᠯ᠎ᠢ ᠰᠠᠶ᠋ᠢᠲᠤᠷ ᠬᠢᠵᠦ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠶ᠋ᠢᠲᠠᠨ᠎ᠤ ᠨᠡᠶ᠋ᠢᠭᠡᠮᠯᠢᠭ ᠪᠣᠯᠤᠨ ᠬᠥᠬᠡᠬᠣᠲᠠ᠂ ᠬᠥᠯᠥᠨ ᠪᠤᠶ᠋ᠢᠷ ᠵᠡᠷᠭᠡ ᠠᠶ᠋ᠢᠮᠠᠭ ᠬᠣᠲᠠ᠎ᠶᠢᠨ ᠤᠯᠠᠭᠠᠨ ᠵᠠᠭᠠᠯᠮᠠᠶ᠋ᠢᠲᠠᠨ᠎ᠤ ᠨᠡᠶ᠋ᠢᠭᠡᠮᠯᠢᠭᠦᠳ ᠴᠤᠪᠠ᠂ ᠤᠰᠤᠨ ᠭᠤᠲᠤᠯ᠂ ᠤᠰᠤᠨ ᠬᠥᠭᠡᠷᠭᠡ ᠵᠡᠷᠭᠡ ᠦᠶᠡᠷ᠎ᠢ ᠰᠡᠷᠭᠡᠶ᠋ᠢᠯᠡᠬᠦ᠌ ᠲᠤᠰᠬᠠᠶ ᠵᠦᠢᠯ᠎ᠦᠨ ᠡᠳ᠋ ᠪᠠᠷᠠᠭ᠎ᠠ ᠬᠤᠳᠠᠯᠳᠤᠨ ᠠᠪᠴᠤ᠌᠂ ᠦᠶᠡᠷ᠎ᠢ ᠰᠡᠷᠭᠡᠶ᠋ᠢᠯᠡᠬᠦ᠌᠎ᠳᠦ ᠬᠡᠷᠡᠭᠯᠡᠬᠦ᠌᠎ᠪᠡᠷ ᠪᠡᠯᠡᠳᠬᠡᠪᠡ᠃ ᠳᠤᠮᠳᠠᠳᠤ ᠤᠯᠤᠰ᠎ᠤᠨ ᠤᠯᠠᠭᠠᠨ ᠵᠠᠭᠠᠯᠮᠠᠶ᠋ᠢᠲᠠᠨ (ᠥᠪᠥᠷ ᠮᠣᠩᠭᠣᠯ)᠎ᠤ ᠠᠪᠤᠷᠠᠨ ᠲᠤᠰᠠᠯᠠᠬᠤ ᠰᠢᠯᠵᠢᠭᠦᠯᠦᠨ ᠲᠡᠭᠡᠭᠡᠪᠦᠷᠢᠯᠡᠬᠦ᠌ ᠠᠩᠭᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠶ᠋ᠢᠲᠠᠨ᠎ᠤ ᠨᠡᠶ᠋ᠢᠭᠡᠮᠯᠢᠭ᠎ᠦᠨ ᠠᠪᠤᠷᠠᠨ ᠲᠤᠰᠠᠯᠠᠬᠤ ᠠᠩᠭᠢ ᠵᠢᠴᠢ ᠤᠯᠠᠭᠠᠨᠬᠠᠳᠠ ᠬᠣᠲᠠ᠂ ᠤᠯᠠᠭᠠᠨᠴᠠᠪ ᠬᠣᠲᠠ᠎ᠶᠢᠨ ᠬᠣᠶᠠᠷ ᠰᠠᠯᠠᠭ᠎ᠠ ᠭᠣᠣᠯᠯᠠᠭᠴᠢ ᠤᠯᠠᠭᠠᠨ ᠵᠠᠭᠠᠯᠮᠠᠶ᠋ᠢᠲᠠᠨ᠎ᠤ ᠪᠠᠴᠢᠮ ᠪᠠᠶ᠋ᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠠᠩᠭᠢ ᠪᠦᠬᠦᠨ᠎ᠢᠶᠡᠷ᠎ᠢᠶᠡᠨ ᠪᠡᠯᠡᠳᠬᠡᠯ ᠠᠵᠢᠯ᠎ᠳᠤ ᠣᠷᠣᠪᠠ᠃
ᠬᠥᠯᠥᠨ ᠪᠤᠢ᠌ᠷ ᠬᠤᠳᠠ᠎ᠶᠢᠨ ᠰᠢᠨ᠎ᠡ ᠪᠠᠷᠭᠤ ᠵᠡᠭᠦᠨ ᠬᠣᠰᠢᠭᠤᠨ᠎ᠤ ᠰᠢᠨᠠᠪᠤᠯᠠᠭ ᠰᠤᠮᠤ᠎ᠶᠢᠨ ᠬᠡᠰᠡᠭ ᠭᠠᠵᠠᠷ ᠣᠷᠣᠨ᠎ᠳᠤ ᠰᠢᠷᠦᠭᠦᠨ ᠪᠣᠷᠣᠭᠠᠨ ᠣᠷᠣᠵᠤ᠂ ᠮᠠᠯᠴᠢᠳ᠎ᠤᠨ ᠣᠷᠣᠨ ᠰᠠᠭᠤᠴᠠ ᠪᠠ ᠮᠠᠯ ᠠᠵᠤ ᠠᠬᠤᠢ᠎ᠶᠢᠨ ᠲᠥᠬᠥᠭᠡᠷᠦᠮᠵᠢ ᠦᠶᠡᠷ ᠤᠰᠤᠲᠤᠯ᠎ᠳᠦ ᠠᠪᠳᠠᠬᠰᠠᠨ ᠪᠠᠶ᠋ᠢᠳᠠᠯ᠎ᠳᠤ ᠴᠢᠭᠯᠡᠭᠦᠯᠦᠨ᠂ ᠬᠥᠯᠥᠨ ᠪᠤᠢ᠌ᠷ ᠬᠤᠳᠠ᠎ᠶᠢᠨ ᠤᠯᠠᠭᠠᠨ ᠵᠠᠭᠠᠯᠮᠠᠢ᠌ᠳᠠᠨ᠎ᠤ ᠨᠡᠶ᠋ᠢᠭᠡᠮᠯᠢᠭ ᠲᠡᠷᠡ ᠳᠠᠷᠤᠢᠳᠤᠨᠢ ᠰᠢᠨ᠎ᠡ ᠪᠠᠷᠭᠤ ᠵᠡᠭᠦᠨ ᠬᠣᠰᠢᠭᠤᠨ᠎ᠤ ᠤᠯᠠᠭᠠᠨ ᠵᠠᠭᠠᠯᠮᠠᠢ᠌ᠳᠠᠨ᠎ᠤ ᠨᠡᠶ᠋ᠢᠭᠡᠮᠯᠢᠭᠲᠦ᠍ 10 ᠲᠦᠮᠡᠨ ᠲᠥᠭᠥᠷᠢᠭ᠎ᠦᠨ ᠭᠠᠮᠰᠢᠭ᠎ᠠᠴᠠ ᠠᠪᠤᠷᠠᠬᠤ ᠲᠤᠰᠬᠠᠢ ᠪᠡᠯᠡ ᠮᠥᠩᠭᠥ᠌ ᠪᠠᠭᠤᠯᠭᠠᠵᠤ᠂ ᠭᠠᠮᠰᠢᠭᠳᠠᠭᠰᠠᠨ ᠤᠯᠠᠨ ᠲᠦᠮᠡᠨ᠎ᠢ ᠲᠦᠷ ᠴᠠᠭ ᠲᠥᠪᠬᠢᠨᠡᠭᠦᠯᠬᠦ᠌᠂ ᠠᠮᠢᠳᠤᠷᠠᠯ᠎ᠢ ᠨᠢ ᠠᠪᠤᠷᠠᠨ ᠲᠤᠰᠠᠯᠠᠬᠤ ᠪᠠ ᠭᠡᠷ ᠪᠠᠶ᠋ᠢᠰᠢᠩ᠎ᠢ ᠨᠢ ᠰᠡᠯᠪᠢᠨ ᠵᠠᠰᠠᠬᠤ᠎ᠳᠤ ᠬᠡᠷᠡᠭᠯᠡᠵᠠᠢ᠃ ᠬᠥᠯᠥᠨ ᠪᠤᠢ᠌ᠷ ᠬᠤᠳᠠ᠎ᠶᠢᠨ ᠤᠯᠠᠭᠠᠨ ᠵᠠᠭᠠᠯᠮᠠᠢ᠌ᠳᠠᠨ᠎ᠤ ᠨᠡᠶ᠋ᠢᠭᠡᠮᠯᠢᠭ ᠪᠠᠰᠠ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤ᠂ ᠠᠷᠤᠨ ᠬᠣᠰᠢᠭᠤ᠂ ᠵᠠᠯᠠᠨ ᠠᠶ᠋ᠢᠯ ᠬᠤᠳᠠ ᠵᠡᠷᠭᠡ ᠭᠠᠮᠰᠢᠭ ᠠᠮᠠᠷᠬᠠᠨ ᠡᠭᠦᠰᠬᠦ᠌ ᠭᠠᠵᠠᠷ ᠣᠷᠣᠨ᠎ᠳᠤ ᠬᠥᠪᠥᠩ ᠮᠠᠶ᠋ᠢᠬᠠᠨ᠂ ᠡᠪᠬᠡᠮᠡᠯ ᠣᠷᠣ᠂ ᠬᠡᠷ ᠪᠦᠯᠢ᠎ᠶᠢᠨ ᠪᠠᠴᠢᠮ ᠪᠠᠶ᠋ᠢᠳᠠᠯ᠎ᠢ ᠠᠷᠭᠠᠴᠠᠭᠠᠬᠤ ᠪᠣᠭᠴᠣ᠂ ᠪᠣᠷᠣᠭᠠᠨ᠎ᠤ ᠴᠤᠪᠠ ᠤᠰᠤᠠ ᠭᠤᠲᠤᠯ ᠵᠡᠷᠭᠡ ᠭᠠᠮᠰᠢᠭ᠎ᠲᠤ᠌ ᠪᠡᠯᠡᠳᠬᠡᠬᠦ᠌ 2587 ᠬᠤᠪᠢ ᠡᠳ᠋ ᠪᠣᠳᠠᠰ᠎ᠢ ᠲᠤᠬᠢᠷᠠᠭᠤᠯᠤᠨ ᠥᠭᠴᠦ᠍᠂ ᠦᠷᠳᠡᠭ ᠨᠢ 46.7 ᠲᠦᠮᠡᠨ ᠲᠥᠭᠥᠷᠢᠭ᠎ᠲᠦ᠍ ᠬᠦᠷᠴᠡᠢ᠃
ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠶ᠋ᠢᠲᠠᠨ᠎ᠤ ᠨᠡᠶ᠋ᠢᠭᠡᠮᠯᠢᠭ᠎ᠨᠢ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠲᠡᠶ ᠬᠠᠮᠲᠤᠷᠠᠨ ᠤᠰᠤᠨ᠎ᠳᠤ ᠵᠢᠪᠬᠦ᠌ᠶᠢ ᠰᠡᠷᠭᠡᠶ᠋ᠢᠯᠡᠬᠦ᠌ ᠪᠥᠬᠥ᠌ ᠵᠠᠭᠤᠴᠢᠯᠠᠭᠤᠷ᠎ᠤᠨ ᠠᠮᠤᠷ ᠲᠦᠪᠰᠢᠨ᠎ᠦ ᠳᠠᠳᠤᠯᠭ᠎ᠠ ᠪᠣᠯᠪᠠᠰᠤᠷᠠᠯ᠎ᠤᠨ ᠰᠢᠭᠤᠳ ᠨᠡᠪᠲᠡᠷᠡᠭᠦᠯᠭᠡ᠎ᠶᠢᠨ ᠠᠵᠢᠯᠯᠠᠭ᠎ᠠ᠎ᠶᠢ ᠡᠷᠭᠢᠯᠡᠵᠦ᠍᠂ ᠪᠣᠳᠠᠲᠠᠢ ᠪᠡᠷ ᠦᠵᠡᠭᠦᠯᠬᠦ᠌᠂ ᠲᠤᠬᠠᠶ᠎ᠶᠢᠨ ᠲᠠᠯᠠᠪᠠᠶ᠎ᠳᠤ ᠬᠠᠷᠢᠯᠴᠠᠨ ᠬᠥᠳᠡᠯᠦᠯᠴᠡᠬᠦ᠌ ᠵᠡᠷᠭᠡ ᠬᠡᠯᠪᠡᠷᠢ᠎ᠪᠡᠷ ᠥᠷᠭᠡᠨ ᠣᠯᠠᠨ ᠲᠦᠮᠡᠨ᠎ᠳᠦ ᠬᠠᠨᠳᠤᠭᠤᠯᠤᠨ ᠥᠪᠡᠷ᠎ᠢ᠎ᠪᠡᠨ ᠠᠪᠤᠷᠠᠬᠤ ᠪᠤᠯᠤᠨ ᠬᠠᠷᠢᠯᠴᠠᠨ ᠠᠪᠤᠷᠠᠬᠤ ᠲᠤᠰᠬᠠᠶ ᠮᠡᠷᠭᠡᠵᠢᠯ᠎ᠦᠨ ᠤᠷ᠎ᠠ ᠴᠢᠳᠠᠪᠤᠷᠢ᠎ᠶᠢ ᠲᠦᠭᠡᠮᠡᠯᠵᠢᠭᠦᠯᠪᠠ᠃ ᠡᠯ᠎ᠡ ᠱᠠᠲᠤᠨ᠎ᠤ ᠤᠯᠠᠭᠠᠨ ᠵᠠᠭᠠᠯᠮᠠᠶ᠋ᠢᠲᠠᠨ᠎ᠤ ᠨᠡᠶ᠋ᠢᠭᠡᠮᠯᠢᠭ ᠪᠠᠰᠠ ᠤᠰᠤᠨ᠎ᠳᠤ ᠵᠢᠪᠬᠦ᠌ᠶᠢ ᠰᠡᠷᠭᠡᠶ᠋ᠢᠯᠡᠬᠦ᠌ ᠨᠡᠶ᠋ᠢᠲᠡ᠎ᠶᠢᠨ ᠠᠰᠠᠷᠠᠮᠵᠢ᠎ᠶᠢᠨ ᠲᠥᠷᠥᠯ ᠵᠦᠢᠯ᠎ᠦᠨ ᠪᠠᠭᠠᠵᠢ ᠬᠡᠷᠡᠭᠰᠡᠯ᠎ᠢ ᠵᠢᠭᠰᠠᠭᠠᠨ ᠪᠠᠶ᠋ᠢᠴᠠᠭᠠᠵᠤ᠂ ᠲᠥᠬᠥᠭᠡᠷᠦᠮᠵᠢ᠎ᠶᠢ ᠴᠠᠭ ᠲᠤᠬᠠᠶ᠎ᠳᠤᠨᠢ ᠨᠥᠬᠥᠪᠥᠷᠢᠯᠡᠵᠠᠢ᠃
ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠶ᠋ᠢᠲᠠᠨ᠎ᠤ ᠨᠡᠶ᠋ᠢᠭᠡᠮᠯᠢᠭ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ᠂ ᠪᠥᠬᠥ᠌ ᠣᠷᠣᠨ᠎ᠤ ᠤᠯᠠᠭᠠᠨ ᠵᠠᠭᠠᠯᠮᠠᠶ᠋ᠢᠲᠠᠨ᠎ᠤ ᠰᠢᠰᠲ᠋ᠧᠮ ᠤᠨ ᠬᠢᠨ 《ᠲᠤᠯᠤᠭᠠᠨ ᠰᠠᠷ᠎ᠠ᠎ᠶᠢᠨ ᠰᠡᠭᠦᠯᠴᠢ ᠨᠢ᠋ᠮᠠᠨ ᠰᠠᠷ᠎ᠠ᠎ᠶᠢᠨ ᠡᠬᠢᠨ》᠎ᠤ ᠦᠶᠡᠷ᠎ᠢ ᠰᠡᠷᠭᠡᠶ᠋ᠢᠯᠡᠬᠦ᠌ ᠵᠠᠩᠭᠢᠯᠠᠭ᠎ᠠ᠎ᠶᠢᠨ ᠬᠤᠭᠤᠴᠠᠭᠠᠨ ᠳᠦ ᠢᠮᠠᠬᠳᠠ ᠰᠡᠷᠡᠮᠵᠢᠳᠠᠢ ᠪᠠᠢᠵᠦ᠂ ᠦᠶᠡᠷ ᠢ ᠰᠡᠷᠬᠡᠢᠯᠠᠬᠤ ᠠᠵᠢᠯ᠎ᠤᠨ ᠬᠠᠷᠢᠭᠤᠴᠠᠯᠭ᠎ᠠ᠎ᠶᠢ ᠡᠷᠡᠰ ᠡᠭᠦᠷᠭᠡᠯᠡᠵᠦ᠍᠂ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠍᠂ ᠭᠠᠮᠰᠢᠭ᠎ᠠᠴᠠ ᠠᠪᠤᠷᠠᠬᠤ ᠡᠳ᠋ ᠪᠣᠳᠠᠰ᠎ᠢ ᠥᠨᠳᠥᠷ ᠪᠦᠲᠦᠮᠵᠢᠲᠡᠶ᠎ᠪᠡᠷ ᠲᠣᠬᠢᠷᠠᠭᠤᠯᠤᠨ ᠲᠠᠷᠬᠠᠭᠠᠵᠤ᠂ ᠪᠠᠴᠢᠮ ᠪᠠᠶ᠋ᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠠᠵᠢᠯᠯᠠᠭ᠎ᠠ᠎ᠶᠢ ᠵᠢᠷᠤᠮᠵᠢᠭᠤᠯᠵᠤ᠂ ᠭᠠᠮᠰᠢᠭ᠎ᠠᠴᠠ ᠠᠪᠤᠷᠠᠬᠤ ᠵᠣᠭᠣᠰ ᠮᠥᠩᠭᠥ᠌ ᠡᠳ᠋ ᠪᠣᠳᠠᠰ᠎ᠤᠨ ᠮᠡᠳᠡᠭᠡ ᠵᠠᠩᠭᠢ᠎ᠶᠢ ᠴᠠᠭ ᠲᠤᠬᠠᠶ᠎ᠳᠤᠨᠢ ᠢᠯᠡ ᠪᠣᠯᠭᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠬᠠᠮᠠᠭᠠᠯᠠᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃