2026-07-16 10:13:39
ᠥᠪᠡᠷᠲᠡᠭᠡᠨ ᠵᠠᠰᠠᠬᠤ ᠣᠷᠣᠨ᠎ᠤ 36 ᠳ᠋ᠤᠭᠠᠷ ᠬᠤᠭᠤᠴᠠᠭᠠᠨ᠎ᠤ ᠵᠢᠭᠤᠯᠴᠢᠯᠠᠯ᠎ᠤᠨ ᠨᠠᠭᠠᠳᠤᠮ᠎ᠤᠨ ᠬᠤᠭᠤᠴᠠᠭᠠᠨ᠎ᠳᠠᠬᠢ ᠲᠡᠷᠭᠡᠨ ᠵᠣᠭᠰᠣᠭᠠᠯ᠎ᠢ ᠰᠦᠢᠳᠬᠡᠯ ᠬᠤᠷᠢᠶᠠᠬᠤ ᠦᠭᠡᠢ᠎ᠪᠡᠷ ᠨᠡᠭᠡᠭᠡᠬᠦ ᠲᠤᠬᠠᠢ ᠵᠠᠷᠯᠠᠯ
ᠥᠷᠭᠡᠨ ᠣᠯᠠᠨ ᠵᠢᠭᠤᠯᠴᠢᠯᠠᠬᠴᠢ᠂ ᠬᠣᠲᠠ᠎ᠶᠢᠨ ᠠᠷᠠᠳ ᠨᠠᠢᠵᠠ ᠨᠠᠷ ᠡ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 36 ᠳ᠋ᠤᠭᠠᠷ ᠬᠤᠭᠤᠴᠠᠭᠠᠨ᠎ᠤ ᠵᠢᠭᠤᠯᠴᠢᠯᠠᠯ᠎ᠤᠨ ᠨᠠᠭᠠᠳᠤᠮ 2026 ᠣᠨ᠎ᠤ 7 ᠰᠠᠷ᠎ᠠ᠎ᠶᠢᠨ 18 ᠤ ᠡᠳᠦᠷ᠎ᠡᠴᠡ 20 ᠤ ᠡᠳᠦᠷ ᠪᠣᠯᠲᠠᠯ᠎ᠠ ᠰᠢᠯᠢᠩᠬᠣᠲᠠ᠎ᠳᠤ ᠶᠠᠪᠤᠭᠳᠠᠬᠤ᠎ᠪᠠᠷ ᠪᠣᠶ᠂ ᠲᠤᠬᠠᠢ ᠵᠢᠨ ᠦᠶ᠎ᠡ᠎ᠳᠦ ᠶᠡᠬᠡ ᠬᠡᠮᠵᠢᠶᠡᠨ᠎ᠦ ᠵᠢᠭᠤᠯᠴᠢᠯᠠᠬᠴᠢ ᠵᠢᠴᠢ ᠬᠣᠲᠠ᠎ᠶᠢᠨ ᠠᠷᠠᠳ ᠲᠣᠭᠣᠷᠢᠨ ᠵᠢᠭᠤᠯᠴᠢᠯᠠᠨᠡ᠃ ᠠᠵᠢᠯᠯᠠᠭ᠎ᠠ᠎ᠶᠢᠨ ᠬᠤᠭᠤᠴᠠᠭᠠᠨ᠎ᠳᠠᠬᠢ ᠬᠣᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠲᠡᠷᠭᠡ ᠵᠣᠭᠰᠣᠬᠤ ᠳᠠᠷᠤᠯᠲᠠ᠎ᠶᠢ ᠨᠠᠮᠳᠠᠭᠤᠯᠵᠤ᠂ ᠥᠷᠭᠡᠨ ᠣᠯᠠᠨ ᠵᠢᠭᠤᠯᠴᠢᠯᠠᠬᠴᠢ ᠪᠠ ᠣᠯᠠᠨ ᠲᠦᠮᠡᠨ᠎ᠳᠦ ᠳᠥᠭᠥᠮ ᠳᠥᠲᠡ᠂ ᠰᠦᠢᠳᠬᠡᠯ ᠬᠤᠷᠢᠶᠠᠬᠤ ᠦᠭᠡᠢ᠎ᠪᠡᠷ ᠲᠡᠷᠭᠡ ᠵᠣᠭᠰᠣᠬᠤ ᠦᠢᠯᠡᠴᠢᠯᠡᠭᠡ ᠬᠠᠩᠭᠠᠵᠤ᠂ ᠰᠢᠯᠢᠩᠬᠣᠲᠠ᠎ᠶᠢᠨ ᠰᠠᠢᠨ ᠰᠠᠢᠬᠠᠨ ᠳᠦᠷᠢ ᠲᠥᠷᠬᠦ᠎ᠶᠢ ᠢᠯᠡᠷᠡᠭᠦᠯᠬᠦ᠎ᠶᠢᠨ ᠲᠥᠯᠥᠭᠡ᠂ ᠣᠲᠣ᠌ ᠨᠠᠭᠠᠳᠤᠮ᠎ᠤᠨ ᠬᠤᠭᠤᠴᠠᠭᠠᠨ᠎ᠳᠤ ᠲᠡᠷᠭᠡᠨ ᠵᠣᠭᠰᠣᠭᠠᠯ᠎ᠢ ᠰᠦᠢᠳᠬᠡᠯ ᠬᠤᠷᠢᠶᠠᠬᠤ ᠦᠭᠡᠢ᠎ᠪᠡᠷ ᠨᠡᠭᠡᠭᠡᠬᠦ ᠬᠣᠯᠪᠣᠭᠳᠠᠯ ᠪᠦᠬᠦᠢ ᠵᠦᠢᠯᠡᠰ᠎ᠢ ᠳᠣᠣᠷᠠᠬᠢ ᠮᠡᠲᠦ ᠮᠡᠳᠡᠭᠳᠡᠶ᠎ᠡ ᠄
ᠨᠢᠭᠡ᠂ ᠰᠦᠢᠳᠬᠡᠯ ᠬᠤᠷᠢᠶᠠᠬᠤ ᠦᠭᠡᠢ᠎ᠪᠡᠷ ᠨᠡᠭᠡᠭᠡᠬᠦ ᠬᠡᠪᠴᠢᠶ᠎ᠡ
ᠠᠢᠮᠠᠭ᠎ᠤᠨ ᠳᠡᠰ᠎ᠤᠨ ᠬᠣᠲᠠ ᠳ᠋ᠤ ᠰᠠᠭᠤᠭ᠎ᠠ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ᠂ ᠪᠦᠬᠦ ᠬᠤᠲᠠ ᠵᠢᠨ ᠡᠯ᠎ᠡ ᠪᠠᠢᠭᠤᠯᠭ᠎ᠠ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ ᠪᠠ ᠬᠠᠷᠢᠶ᠎ᠠ ᠬᠣᠶᠠᠳᠤᠭᠠᠷ ᠳᠡᠰ᠎ᠤᠨ ᠨᠢᠭᠡᠴᠢ ᠵᠢᠴᠢ ᠬᠣᠯᠪᠣᠭᠳᠠᠯ ᠪᠦᠬᠦᠢ ᠠᠵᠢᠯ ᠲᠥᠷᠥᠯ᠎ᠦᠨ ᠬᠦᠷᠢᠶ᠎ᠡ ᠴᠠᠷᠠᠭᠠᠨ᠎ᠳᠠᠬᠢ ᠭᠣᠣᠯᠳᠠᠯᠭ᠎ᠠ᠎ᠲᠠᠢ ᠠᠵᠤ ᠠᠬᠤᠢᠯᠠᠯ᠎ᠤᠨ ᠲᠡᠷᠭᠡ ᠵᠣᠭᠰᠣᠬᠤ ᠨᠥᠬᠥᠴᠡᠯ᠎ᠢ ᠪᠦᠷᠢᠯᠳᠦᠭᠦᠯᠦᠭᠰᠡᠨ ᠲᠡᠷᠭᠡᠨ ᠵᠤᠬᠰᠤᠭᠠᠯ (ᠨᠠᠷᠢᠨ ᠵᠦᠢᠯᠡᠰ᠎ᠢ ᠨᠡᠷᠡᠰ᠎ᠡᠴᠡ ᠦᠵᠡᠭᠡᠷᠡᠢ)᠃
ᠬᠣᠶᠠᠷ᠂ ᠰᠦᠢᠳᠬᠡᠯ ᠬᠤᠷᠢᠶᠠᠬᠤ ᠦᠭᠡᠢ᠎ᠪᠡᠷ ᠨᠡᠭᠡᠭᠡᠬᠦ ᠴᠠᠭ
ᠲᠤᠰ ᠡᠳᠦᠷ᠎ᠡᠴᠡ ᠡᠬᠢᠯᠡᠨ 7 ᠰᠠᠷ᠎ᠠ᠎ᠶᠢᠨ 28᠎ᠤ ᠡᠳᠦᠷ ᠪᠣᠯᠲᠠᠯ᠎ᠠ᠂ ᠪᠦᠬᠦᠯᠢ ᠡᠳᠦᠷ ᠪᠡᠷ ᠨᠡᠭᠡᠭᠡᠯᠲᠡ᠎ᠲᠠᠢ (ᠨᠠᠷᠢᠨ ᠵᠦᠢᠯᠡᠰ᠎ᠢ ᠨᠡᠷᠡᠰ᠎ᠡᠴᠡ ᠦᠵᠡᠭᠡᠷᠡᠢ)᠃
ᠭᠤᠷᠪᠠ᠂ ᠲᠡᠷᠭᠡ ᠵᠣᠭᠰᠤᠭᠠᠬᠤ ᠬᠡᠪᠴᠢᠶ᠎ᠡ
ᠲᠣᠰ ᠤᠳᠠᠭᠠᠨ᠎ᠤ ᠭᠠᠳᠠᠭ᠍ᠰᠢ ᠨᠡᠭᠡᠭᠡᠯᠲᠡ ᠬᠢᠭᠰᠡᠨ ᠲᠡᠷᠭᠡᠨ ᠵᠣᠭᠰᠣᠭᠠᠯ᠎ᠳᠤ ᠵᠥᠪᠬᠡᠨ 7 ᠰᠠᠭᠤᠳᠠᠯ ᠵᠢᠴᠢ ᠲᠡᠭᠦᠨ᠎ᠡᠴᠡ ᠳᠣᠷᠣᠭ᠍ᠰᠢᠬᠢ ᠵᠢᠵᠢᠭ ᠬᠡᠯᠪᠡᠷᠢ᠎ᠶᠢᠨ ᠡᠵᠡᠩᠨᠡᠯᠲᠡ᠎ᠶᠢᠨ ᠪᠤᠰᠤ ᠠᠷᠠᠳ᠎ᠤᠨ ᠬᠡᠷᠡᠭᠯᠡᠭᠡᠨ᠎ᠦ ᠮᠠᠰᠢᠨ ᠲᠡᠷᠭᠡ ᠵᠤᠬᠰᠤᠭᠠᠬᠤ ᠵᠢ ᠵᠥᠪᠰᠢᠶᠡᠷᠡᠵᠦ᠂ ᠪᠠᠷᠠᠭᠠᠨ᠎ᠤ ᠲᠡᠷᠭᠡ᠂ ᠡᠵᠡᠩᠨᠡᠯᠲᠡ᠎ᠶᠢᠨ ᠲᠡᠷᠭᠡ ᠬᠥᠰᠬᠡ᠂ ᠠᠶᠤᠯᠲᠠᠢ ᠪᠣᠳᠠᠰᠳᠡᠭᠡᠭᠡᠭᠰᠡᠨ ᠲᠡᠷᠭᠡ ᠬᠥᠰᠬᠡ᠂ ᠥᠭᠡᠷᠡᠴᠢᠯᠡᠨ ᠤᠭᠰᠠᠷᠠᠬᠰᠠᠨ ᠲᠡᠷᠭᠡ ᠬᠥᠰᠬᠡ ᠵᠢᠴᠢ ᠲᠣᠮᠣ᠌ ᠬᠡᠯᠪᠡᠷᠢ᠎ᠶᠢᠨ ᠲᠡᠷᠭᠡ ᠬᠥᠰᠬᠡ᠎ᠶᠢᠨ ᠣᠷᠣᠵᠤ ᠭᠠᠷᠬᠤ᠎ᠶᠢ ᠴᠢᠩᠭ᠎ᠠ ᠴᠠᠭᠠᠵᠠᠯᠠᠨ᠎ᠠ᠃
ᠳᠥᠷᠪᠡ᠂ ᠲᠡᠷᠭᠡ ᠵᠣᠭᠰᠤᠭᠠᠬᠤ᠎ᠳᠤ ᠮᠡᠳᠡᠬᠦ ᠴᠢᠬᠤᠯᠠᠲᠠᠢ ᠵᠦᠢᠯᠡᠰ
1. ᠲᠡᠷᠭᠡ ᠬᠥᠰᠬᠡ᠎ᠶᠢ ᠡᠷᠬᠡᠪᠰᠢ ᠢᠯᠭᠠᠨ ᠲᠣᠭᠲᠠᠭᠠᠭᠰᠠᠨ ᠲᠡᠷᠭᠡᠨ ᠵᠣᠭᠰᠣᠭᠠᠯ ᠳᠣᠲᠣᠷ᠎ᠠ ᠵᠣᠭᠰᠤᠭᠠᠬᠤ ᠬᠡᠷᠡᠭᠲᠡᠢ᠂ ᠣᠷᠣᠨ ᠠᠯᠤᠰᠯᠠᠨ᠂ ᠰᠥᠷᠭᠡᠦ ᠴᠢᠭᠯᠡᠯ᠎ᠢᠶᠡᠷ ᠵᠣᠭᠰᠣᠭᠠᠵᠤ ᠪᠣᠯᠬᠤ ᠦᠭᠡᠢ᠃ ᠵᠢᠯᠣᠭᠣᠴᠢ ᠶᠠᠪᠤᠬᠤ ᠦᠶᠡᠰ ᠲᠡᠷᠭᠡᠨ ᠳᠣᠲᠣᠷ᠎ᠠ ᠬᠠᠷᠢᠯᠴᠠᠬᠤ ᠠᠷᠭ᠎ᠠ ᠪᠡᠨ ᠢᠯᠡ ᠦᠯᠡᠳᠡᠭᠡᠵᠦ᠂ ᠴᠠᠭ ᠲᠤᠬᠠᠢ᠎ᠳᠤ ᠨᠢ ᠬᠠᠷᠢᠯᠴᠠᠬᠤ᠎ᠳᠤ ᠳᠥᠭᠥᠮ ᠪᠠᠢᠯᠭᠠᠬᠤ ᠬᠡᠷᠡᠭᠲᠡᠢ᠃ ᠭᠠᠯ ᠤᠨᠲᠠᠷᠠᠭᠠᠬᠤ ᠨᠡᠪᠳᠡᠷᠡᠯ ᠵᠠᠮ᠂ ᠣᠷᠣᠵᠤ ᠭᠠᠷᠬᠤ ᠭᠠᠵᠠᠷ᠂ ᠬᠠᠷᠠᠭ᠎ᠠ ᠠᠯᠳᠠᠭᠰᠠᠳ᠎ᠦᠨ ᠵᠠᠮ ᠵᠡᠷᠭᠡ ᠭᠣᠣᠯᠳᠠᠯᠭ᠎ᠠ᠎ᠲᠠᠢ ᠣᠷᠣᠨ ᠪᠦᠰᠡ᠎ᠶᠢ ᠡᠵᠡᠯᠡᠨ ᠬᠡᠷᠡᠭᠯᠡᠵᠦ ᠪᠣᠯᠬᠤ ᠦᠭᠡᠢ᠂ ᠡᠮᠬᠢ ᠵᠢᠷᠤᠮ᠎ᠲᠠᠢ ᠵᠣᠭᠰᠤᠬᠤ ᠬᠡᠷᠡᠭᠲᠡᠢ᠃
2. ᠲᠡᠷᠭᠡ ᠬᠥᠰᠬᠡ ᠲᠡᠷᠭᠡᠨ ᠵᠣᠭᠰᠣᠭᠠᠯ᠎ᠢᠶᠠᠷ ᠣᠷᠣᠵᠤ ᠭᠠᠷᠬᠤ᠎ᠳᠠᠭᠠᠨ ᠠᠭᠠᠵᠢᠮ ᠶᠠᠪᠤᠵᠤ᠂ ᠶᠠᠪᠠᠭᠠᠨ ᠬᠥᠮᠥᠨ᠎ᠳᠦ ᠵᠠᠮ ᠵᠠᠢᠯᠠᠵᠤ ᠥᠭᠬᠦ᠎ᠶᠢ ᠠᠩᠬᠠᠷᠬᠤ ᠬᠡᠷᠡᠭᠲᠡᠢ᠃ ᠵᠠᠮ ᠬᠠᠷᠢᠯᠴᠠᠭᠠᠨ᠎ᠤ ᠲᠡᠮᠳᠡᠭ ᠱᠤᠭᠤᠮ᠎ᠢ ᠵᠢᠷᠤᠮᠯᠠᠵᠤ᠂ ᠲᠡᠷᠭᠡᠨ ᠵᠣᠭᠰᠣᠭᠠᠯ᠎ᠳᠤ ᠮᠦᠷᠯᠡᠯ ᠳᠤᠮᠳᠠᠭᠤᠷ ᠳᠤᠷ᠎ᠠ᠎ᠪᠠᠷ᠎ᠢᠶᠠᠨ ᠤᠷᠤᠬᠤ᠂ ᠵᠠᠪᠳᠤᠨ ᠶᠠᠪᠤᠭᠤᠯᠵᠤ ᠪᠣᠯᠬᠤ ᠦᠭᠡᠢ᠂ ᠠᠷᠢᠬᠢ ᠤᠤᠭᠤᠭᠰᠠᠨ᠎ᠤ ᠳᠠᠷᠠᠭ᠎ᠠ ᠲᠡᠷᠭᠡ ᠵᠢᠯᠤᠭᠣᠳᠬᠤ᠎ᠶᠢ ᠴᠢᠩᠭ᠎ᠠ ᠴᠠᠭᠠᠵᠠᠯᠠᠵᠤ᠂ ᠲᠡᠷᠭᠡᠨ ᠵᠣᠭᠰᠣᠭᠠᠯ᠎ᠳᠤ ᠲᠡᠷᠭᠡ ᠤᠬᠢᠶᠠᠵᠤ᠂ ᠲᠡᠷᠭᠡ ᠵᠠᠰᠠᠵᠤ ᠪᠣᠯᠬᠤ ᠦᠭᠡᠢ᠂ ᠬᠣᠭ ᠨᠣᠪᠰᠢ ᠬᠠᠶᠠᠬᠤ᠂ ᠡᠯᠳᠡᠪ ᠶᠠᠭᠤᠮ᠎ᠠ ᠣᠪᠣᠭᠠᠯᠠᠵᠤ ᠲᠠᠯᠪᠢᠬᠤ᠎ᠶᠢ ᠴᠠᠭᠠᠵᠠᠯᠠᠵᠤ᠂ ᠲᠡᠷᠭᠡᠨ ᠵᠣᠭᠰᠣᠭᠠᠯ᠎ᠤᠨ ᠠᠷᠢᠭᠤᠨ ᠴᠡᠪᠡᠷ ᠣᠷᠴᠢᠨ ᠲᠣᠭᠣᠷᠢᠨ᠎ᠢ ᠤᠬᠠᠮᠰᠠᠷ᠎ᠠᠴᠠ᠎ᠪᠠᠨ ᠬᠠᠮᠠᠭᠠᠯᠠᠬᠤ ᠬᠡᠷᠡᠭᠲᠡᠢ᠃
3. ᠲᠡᠷᠭᠡᠨ ᠡᠵᠡᠨ ᠨᠢ ᠲᠡᠷᠭᠡ ᠬᠥᠰᠬᠡ᠎ᠶᠢᠨ ᠠᠮᠤᠷ ᠲᠦᠪᠰᠢᠨ᠎ᠦ ᠬᠠᠮᠠᠭᠠᠯᠠᠯᠲᠠ᠎ᠶᠢ ᠥᠪᠡᠷ ᠲᠡᠭᠡᠨ ᠰᠠᠢᠲᠤᠷ ᠬᠢᠵᠦ᠂ ᠡᠭᠦᠳᠡ ᠴᠣᠩᠬᠣ᠌᠎ᠪᠠᠨ ᠣᠨᠢᠰᠤᠯᠠᠵᠤ᠂ ᠦᠨᠡᠲᠦ ᠪᠣᠳᠠᠰ᠎ᠢᠶᠠᠨ ᠪᠡᠶ᠎ᠡ᠎ᠳᠡᠭᠡᠨ ᠠᠪᠴᠤ ᠶᠠᠪᠤᠬᠤ ᠬᠡᠷᠡᠭᠲᠡᠢ᠃ ᠲᠡᠷᠭᠡᠨ ᠳᠣᠲᠣᠷ᠎ᠠ ᠠᠮᠠᠷᠬᠠᠨ ᠰᠢᠲᠠᠬᠤ᠂ ᠠᠮᠠᠷᠬᠠᠨ ᠳᠡᠯᠪᠡᠷᠡᠬᠦ ᠵᠡᠷᠭᠡ ᠠᠶᠤᠯᠲᠠᠢ ᠪᠣᠳᠠᠰ ᠲᠠᠯᠪᠢᠵᠤ ᠪᠣᠯᠬᠤ ᠦᠭᠡᠢ᠃ ᠲᠡᠷᠭᠡᠨ ᠵᠣᠭᠰᠣᠭᠠᠯ ᠨᠢ ᠵᠥᠪᠬᠡᠨ ᠲᠡᠷᠭᠡ ᠵᠣᠭᠰᠤᠭᠠᠬᠤ ᠲᠠᠯᠠᠪᠤᠷ ᠬᠠᠩᠭᠠᠵᠤ᠂ ᠲᠡᠷᠭᠡ ᠬᠥᠰᠬᠡ᠎ᠶᠢ ᠬᠠᠳᠠᠭᠠᠯᠠᠨ ᠬᠠᠮᠢᠶᠠᠷᠬᠤ᠂ ᠲᠡᠷᠭᠡᠨ ᠳᠣᠲᠣᠷᠠᠬᠢ ᠡᠳ᠋ ᠪᠠᠷᠠᠭ᠎ᠠ᠎ᠶᠢ ᠬᠠᠳᠠᠭᠠᠯᠠᠨ ᠬᠠᠮᠢᠶᠠᠷᠬᠤ ᠬᠠᠷᠢᠭᠤᠴᠠᠯᠭ᠎ᠠ᠎ᠶᠢ ᠡᠭᠦᠷᠭᠡᠯᠡᠬᠦ ᠦᠭᠡᠢ᠂ ᠬᠡᠷᠪᠡ ᠲᠡᠷᠭᠡ ᠬᠥᠰᠬᠡ ᠮᠦᠷᠭᠦᠵᠦ ᠱᠦᠷᠭᠦᠭᠡᠬᠦ᠂ ᠬᠤᠯᠠᠭᠠᠢᠯᠠᠭᠳᠠᠬᠤ᠂ ᠡᠪᠳᠡᠭᠳᠡᠬᠦ ᠵᠡᠷᠭᠡ ᠪᠠᠢᠳᠠᠯ ᠭᠠᠷᠪᠠᠯ᠂ ᠲᠤᠬᠠᠢ ᠵᠢᠨ ᠬᠥᠮᠥᠨ ᠥᠪᠡᠰᠦᠪᠡᠨ ᠬᠠᠷᠢᠭᠤᠴᠠᠨ᠎ᠠ᠃

ᠢᠷᠡᠯᠲᠡ᠄ ᠰᠢᠯᠢ᠎ᠶᠢᠨ ᠭᠣᠣᠯ ᠠᠢᠮᠠᠭ᠎ᠤᠨ ᠬᠠᠮ ᠵᠠᠭᠤᠴᠢᠯᠠᠭᠤᠷ᠎ᠤᠨ ᠵᠢᠷᠬᠢᠶ᠎ᠡ ᠵᠢᠨ ᠲᠠᠪᠴᠠᠩ᠂ ᠲᠠᠯ᠎ᠠ ᠨᠤᠲᠤᠭ᠎ᠤᠨ ᠬᠡᠷᠡᠯᠳᠦ ᠰᠤᠪᠤᠳ ᠰᠢᠯᠢᠩᠬᠣᠲᠠ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃