2026-07-21 10:35:16
ᠤᠢᠷ᠎ᠠ ᠵᠢᠨ ᠡᠳᠦᠷ᠂ ᠤᠯᠤᠰ ᠤᠨ ᠭᠤᠷᠪᠠᠳᠤᠭᠠᠷ ᠪᠦᠯᠦᠭ᠎ᠦᠨ 《ᠡᠯᠡᠰᠦ ᠭᠤᠪᠢ ᠴᠦᠯ》 ᠲᠣᠮᠣ ᠬᠡᠯᠪᠡᠷᠢ᠎ᠶᠢᠨ ᠰᠠᠯᠬᠢᠨ ᠬᠦᠴᠦᠨ ᠦ ᠴᠠᠬᠢᠯᠭᠠᠨ᠎ᠤ ᠬᠡᠷᠡᠯ ᠴᠡᠨᠡᠭ᠎ᠦᠨ ᠰᠠᠭᠤᠷᠢᠨ᠎ᠢ ᠭᠤᠤᠯᠳᠠᠯᠭ᠎ᠠ᠎ᠲᠠᠶ ᠢᠵᠢ ᠪᠦᠷᠢᠳᠦᠭᠦᠯᠦᠨ ᠬᠦᠷᠭᠡᠬᠦ᠌ ᠢᠨᠵᠧᠨᠧᠷᠢᠩ —— ᠥᠪᠥᠷ ᠮᠣᠩᠭᠣᠯ᠎ᠤᠨ ᠤᠯᠠᠭᠠᠨᠬᠠᠳᠠ ᠶᠢᠨ 100 ᠲᠦᠮᠡᠨ ᠺᠢᠯᠦᠸᠠᠲ ᠤᠨ ᠡᠯᠡᠰᠦᠨ ᠴᠥᠯ᠎ᠦᠨ ᠰᠠᠯᠬᠢ ᠬᠡᠷᠡᠯ ᠴᠡᠨᠡᠭ ᠦᠨ ᠰᠠᠭᠤᠷᠢᠨ ᠤ 500 ᠺᠢᠯᠦᠸᠤᠯᠲ ᠤᠨ ᠴᠠᠬᠢᠯᠭᠠᠨ ᠬᠦᠷᠭᠡᠬᠦ᠌ ᠢᠨᠵᠧᠨᠧᠷᠢᠩ ᠵᠢᠩᠬᠢᠨᠢ᠎ᠪᠡᠷ ᠠᠰᠢᠭᠯᠠᠯᠲᠠ᠎ᠳᠤ ᠣᠷᠣᠪᠠ᠃
ᠪᠠᠷᠢᠯᠭ᠎ᠠ᠎ᠶᠢᠨ ᠶᠡᠷᠦᠩᠬᠡᠶ ᠪᠡᠯᠡ ᠣᠷᠣᠭᠤᠯᠤᠯᠲᠠ 2.04 ᠳ᠋ᠦᠩᠰᠢᠭᠤᠷ ᠲᠥᠭᠥᠷᠢᠭ᠎ᠲᠦ᠍ ᠬᠦᠷᠴᠦ᠍᠂ 500 ᠺᠢᠯᠦᠸᠤᠯᠲ᠎ᠤᠨ ᠴᠠᠬᠢᠯᠭᠠᠨ ᠬᠦᠷᠭᠡᠬᠦ᠌ ᠱᠤᠭᠤᠮ᠎ᠢ 68.9 ᠺᠢᠯᠣᠮᠧᠲᠷ ᠰᠢᠨ᠎ᠡ᠎ᠪᠡᠷ ᠪᠠᠶ᠋ᠢᠭᠤᠯᠵᠤ᠂ 156 ᠰᠠᠭᠤᠷᠢ ᠲᠡᠮᠦᠷ ᠰᠤᠪᠤᠷᠭ᠎ᠠ ᠭᠠᠷᠭᠠᠨ᠂ ᠴᠠᠬᠢᠯᠭᠠᠨ ᠱᠤᠭᠤᠮ᠎ᠢ ᠭᠦᠸᠸ ᠹᠸᠡᠭ᠎ᠤᠨ 500 ᠺᠢᠯᠦᠸᠤᠯᠲ᠎ᠤᠨ ᠬᠦᠴᠦᠳᠡᠯ ᠳᠡᠭᠡᠭᠰᠢᠯᠡᠭᠦᠯᠬᠦ᠌ ᠥᠷᠲᠡᠭᠡ᠎ᠡᠴᠡ ᠡᠬᠢᠯᠡᠭᠦᠯᠵᠦ᠍᠂ ᠶᠢᠨ ᠱᠠ ᠶᠢᠨ 500 ᠺᠢᠯᠦᠸᠤᠯᠲ᠎ᠤᠨ ᠬᠦᠴᠦᠳᠡᠯ ᠥᠭᠡᠷᠡᠴᠢᠯᠡᠬᠦ᠌ ᠥᠷᠲᠡᠭᠡ᠎ᠳᠦ ᠬᠦᠷᠦᠭᠦᠯᠦᠨ᠎ᠡ᠃ ᠣᠶ᠋ᠢᠯᠠᠭᠠᠭᠰᠠᠨ᠎ᠢᠶᠠᠷ᠂ ᠲᠤᠰ ᠢᠨᠵᠧᠨᠧᠷᠢᠩ᠎ᠦᠨ ᠭᠠᠵᠠᠷ᠎ᠤᠨ ᠦᠢᠯᠡᠴᠢᠯᠡᠳᠡᠭ ᠭᠦᠸᠧ ᠹᠧᠩ ᠥᠪᠥᠷ ᠮᠣᠩᠭᠣᠯ᠎ᠤᠨ ᠤᠯᠠᠭᠠᠨᠬᠠᠳᠠ᠎ᠶᠢᠨ 100 ᠲᠦᠮᠡᠨ ᠺᠢᠯᠦᠸᠠᠲ᠎ᠤᠨ ᠡᠯᠡᠰᠦᠨ ᠴᠦᠯ᠎ᠦᠨ ᠰᠠᠯᠬᠢ ᠭᠡᠷᠡᠯ ᠦᠨ ᠬᠠᠳᠠᠭᠠᠯᠠᠭᠳᠠᠴᠠ᠎ᠶᠢᠨ ᠰᠠᠭᠤᠷᠢᠨ ᠣᠩᠨᠢᠭᠤᠳ ᠬᠣᠰᠢᠭᠤᠨ᠎ᠳᠤ ᠪᠤᠢ᠃ ᠰᠠᠭᠤᠷᠢᠨ᠎ᠨᠢ《ᠰᠠᠯᠬᠢ ᠭᠡᠷᠡᠯ᠎ᠢᠶᠡᠷ ᠨᠥᠭᠡᠴᠡᠯᠡᠬᠦ᠌ + ᠴᠦᠯᠯᠡᠷᠬᠡᠭᠵᠢᠯ ᠢ ᠵᠠᠰᠠᠬᠤ》ᠵᠢ ᠨᠢᠭᠡ ᠴᠣᠭᠴᠠᠵᠢᠭᠤᠯᠤᠭᠰᠠᠨ ᠵᠠᠭᠪᠤᠷ᠎ᠢ ᠢᠳᠡᠪᠬᠢᠲᠡᠶ ᠰᠦᠪᠡᠭᠴᠢᠯᠡᠵᠦ᠍᠂《ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠳᠤᠤᠷ᠎ᠠ ᠡᠯᠡᠰᠦ ᠵᠠᠰᠠᠬᠤ》ᠭᠡᠷᠡᠯ ᠴᠡᠨᠡᠭ᠎ᠦᠨ ᠵᠢᠭᠰᠠᠯ᠎ᠤᠨ ᠪᠠᠶ᠋ᠢᠷᠢᠰᠢᠭᠤᠯᠤᠯᠲᠠ᠎ᠪᠠᠷ ᠳᠠᠮᠵᠢᠭᠤᠯᠤᠨ᠂ ᠴᠡᠪᠡᠷ ᠡᠨᠧᠷᠭᠢ᠎ᠶᠢ ᠨᠡᠭᠡᠭᠡᠨ ᠬᠥᠭᠵᠢᠭᠦᠯᠬᠦ᠌ ᠪᠠ ᠴᠦᠯᠯᠡᠷᠬᠡᠭᠵᠢᠭᠰᠡᠨ ᠠᠮᠢ ᠠᠬᠤᠶ᠎ᠶᠢ ᠵᠠᠰᠠᠬᠤ᠎ᠶᠢ ᠵᠣᠬᠢᠴᠠᠭᠤᠯᠤᠨ ᠦᠷ᠎ᠡ ᠠᠰᠢᠭ ᠢ ᠨᠡᠮᠡᠭᠳᠡᠭᠦᠯᠬᠦ᠌ ᠶᠢ ᠠᠬᠢᠭᠤᠯᠵᠤ᠂ ᠴᠦᠯᠯᠡᠷᠬᠡᠭᠵᠢᠭᠰᠡᠨ ᠡᠬᠢ ᠪᠠᠶᠠᠯᠢᠭ᠎ᠤᠨ ᠪᠠᠭᠤᠷᠠᠶ ᠲᠠᠯ᠎ᠠ᠎ᠶᠢ ᠪᠣᠬᠢᠷᠲᠤᠯ ᠥᠬᠡᠶ ᠬᠥᠭᠵᠢᠯᠲᠡ᠎ᠶᠢᠨ ᠳᠠᠪᠠᠭᠤᠯᠢᠭ ᠪᠣᠯᠭᠠᠨ ᠲᠣᠭᠲᠠᠭᠤᠨ᠎ᠢᠶᠠᠷ ᠬᠤᠪᠢᠷᠠᠭᠤᠯᠤᠨ᠎ᠠ᠃
《ᠢᠨᠵᠧᠨᠧᠷᠢᠩ᠎ᠢ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂ ᠵᠢᠯ ᠪᠦᠷᠢ ᠪᠠᠷᠤᠭ 20 ᠳ᠋ᠦᠩᠰᠢᠭᠤᠷ ᠺᠢᠯᠦᠸᠠᠲ᠎ᠤᠨ ᠪᠤᠭᠢᠷᠳᠤᠯ ᠦᠭᠡᠢ ᠴᠠᠬᠢᠯᠭᠠᠨ ᠬᠦᠷᠭᠡᠵᠦ᠍᠂ ᠣᠷᠣᠨ ᠪᠦᠰᠡ᠎ᠶᠢᠨ ᠴᠠᠬᠢᠯᠭᠠᠨ ᠲᠤᠤᠷ᠎ᠤᠨ ᠴᠠᠬᠢᠯᠭᠠᠨ ᠳᠠᠮᠵᠢᠭᠤᠯᠬᠤ᠎ᠶᠢ ᠲᠣᠬᠢᠷᠠᠭᠤᠯᠬᠤ᠂ ᠡᠬᠢ ᠪᠠᠶᠠᠯᠢᠭ ᠬᠠᠷᠢᠯᠴᠠᠨ ᠨᠥᠬᠥᠪᠥᠷᠢᠯᠡᠵᠦ᠍ ᠬᠠᠷᠢᠯᠴᠠᠨ ᠲᠤᠰᠠᠯᠠᠬᠤ ᠴᠢᠳᠠᠪᠤᠷᠢ᠎ᠶᠢ ᠶᠡᠬᠡᠪᠡᠷ ᠴᠢᠩᠭᠠᠷᠠᠭᠤᠯᠵᠤ᠂ ᠵᠠᠭᠤᠨ ᠲᠦᠮᠡᠨ ᠺᠢᠯᠦᠸᠠᠲ᠎ᠤᠨ ᠲᠠᠰ᠎ᠤᠨ ᠰᠢᠨ᠎ᠡ ᠡᠨᠧᠷᠭᠢ᠎ᠶᠢ ᠲᠤᠤᠷᠲᠤ᠌ ᠣᠷᠣᠭᠤᠯᠬᠤ᠎ᠶᠢ ᠪᠠᠲᠤᠯᠠᠵᠤ᠂ ᠤᠯᠠᠭᠠᠨᠬᠠᠳᠠ ᠬᠣᠲᠠ᠎ᠶᠢᠨ ᠰᠠᠯᠬᠢ ᠬᠡᠷᠡᠯ᠎ᠦᠨ ᠡᠬᠢ ᠪᠠᠶᠠᠯᠢᠭ᠎ᠢ ᠬᠡᠪᠴᠢᠶᠡᠵᠢᠭᠦᠯᠦᠨ ᠨᠡᠭᠡᠭᠡᠨ ᠬᠥᠭᠵᠢᠭᠦᠯᠬᠦ᠌᠂ ᠨᠢᠭᠡ ᠴᠣᠭᠴᠠᠵᠢᠭᠤᠯᠤᠨ ᠬᠦᠷᠭᠡᠬᠦ᠌᠂ ᠥᠨᠳᠥᠷ ᠪᠦᠲᠦᠮᠵᠢᠲᠡᠶ ᠠᠰᠢᠭᠯᠠᠬᠤ᠎ᠶᠢ ᠪᠡᠶᠡᠯᠡᠭᠦᠯᠵᠦ᠍᠂ ᠡᠨᠧᠷᠭᠢ ᠶᠢᠨ ᠪᠦᠲᠦᠴᠡ ᠶᠢ〈ᠥᠨᠳᠥᠷ ᠨᠡᠭᠦᠷᠡᠰᠦᠲᠥ᠋ᠷᠥᠭᠴᠢᠳᠦ ᠲᠦᠰᠢᠭᠯᠡᠬᠦ᠌〉 ᠡᠴᠠ〈ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢ〉ᠲᠡᠶ᠋ᠢᠰᠢ ᠬᠤᠪᠢᠷᠠᠭᠤᠯᠬᠤ᠎ᠶᠢ ᠠᠬᠢᠭᠤᠯᠤᠨ᠎ᠠ》 ᠭᠡᠵᠦ ᠤᠯᠤᠰ᠎ᠤᠨ ᠴᠠᠭᠢᠯᠭᠠᠨ ᠳᠤᠤᠷ᠎ᠤᠨ ᠤᠯᠠᠭᠠᠨᠬᠠᠳᠠ ᠵᠢᠨ ᠴᠠᠭᠢᠯᠭᠠᠨ ᠬᠠᠡᠭᠭᠠᠬᠤ ᠺᠤᠮᠫᠠᠨᠢ ᠵᠢᠨ ᠳᠡᠳ᠋ ᠵᠠᠭᠢᠷᠤᠯ ᠭᠤᠤ ᠸᠸᠢ ᠳᠠᠨᠢᠯᠴᠠᠭᠤᠯᠤᠯ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃