2026-07-29 18:01:12
27 ᠤ ᠦᠳᠡ᠎ᠶᠢᠨ ᠡᠮᠦᠨ᠎ᠡ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠦ ᠠᠯᠪᠠᠨ ᠭᠡᠷ 《〈ᠠᠷᠪᠠᠨ ᠲᠠᠪᠤᠳᠤᠭᠠᠷ ᠲᠠᠪᠤᠨ ᠵᠢᠯ〉᠎ᠤᠨ ᠰᠠᠢᠨ ᠡᠬᠢᠯᠡᠯᠲᠡ ᠲᠤᠷᠪᠢᠯᠢᠬ ᠠᠯᠬᠤᠭ᠎ᠠ》 ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠳᠤᠮᠳᠠᠳᠤ ᠤᠯᠤᠰ᠎ᠤᠨ ᠵᠡᠮᠳᠡᠭᠴᠦᠳ᠎ᠦᠨ ᠬᠣᠯᠪᠣᠭ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠠᠴᠠ《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠤ ᠵᠡᠮᠳᠡᠭᠴᠦᠳ᠎ᠦᠨ ᠦᠢᠯᠡᠰ᠎ᠦᠨ ᠪᠥᠬᠥ ᠲᠠᠯ᠎ᠠ᠎ᠶᠢᠨ ᠬᠥᠭᠵᠢᠯᠲᠡ ᠪᠤᠯᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠠᠮᠢᠶ᠎ᠠ ᠪᠦᠬᠦᠢ ᠪᠠᠢᠳᠠᠯ᠎ᠢ ᠲᠠᠨᠢᠯᠴᠠᠭᠤᠯᠪᠠ᠃
ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠵᠡᠮᠳᠡᠭᠴᠦᠳ᠎ᠦᠨ ᠬᠣᠯᠪᠣᠭ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ 《ᠵᠡᠮᠳᠡᠭᠴᠦᠳ᠎ᠦᠨ ᠪᠠᠲᠤᠯᠠᠭ᠎ᠠ ᠪᠠ ᠬᠥᠭᠵᠢᠯᠲᠡ᠎ᠶᠢᠨ 〈ᠠᠷᠪᠠᠨ ᠲᠠᠪᠤᠳᠤᠭᠠᠷ ᠲᠠᠪᠤᠨ ᠵᠢᠯ〉᠎ᠤᠨ ᠲᠥᠯᠦᠪᠵᠢᠭᠦᠯᠭᠡ》 ᠳᠤ ᠣᠨᠴᠠ ᠬᠦᠴᠢᠷᠳᠡᠯᠲᠡᠢ ᠬᠥᠮᠥᠰ᠎ᠲᠦ ᠴᠢᠭᠯᠡᠭᠦᠯᠦᠨ ᠨᠠᠷᠢᠨ ᠬᠤᠪᠢᠶᠠᠬᠰᠠᠨ ᠲᠤᠰᠬᠠᠢ ᠲᠥᠷᠥ᠎ᠶᠢᠨ ᠪᠣᠳᠣᠯᠭ᠎ᠠ ᠲᠣᠭᠲᠠᠭᠠᠵᠤ᠂ ᠠᠩᠬ᠎ᠠ ᠤᠳᠠᠭ᠎ᠠ《ᠭᠠᠬᠴᠠᠭᠠᠷᠳᠠᠮᠠᠯ ᠭᠡᠮ ᠲᠠᠢ ᠬᠦᠮᠦᠰ᠎ᠢ ᠨᠠᠰᠤᠨ ᠳᠤᠷᠰᠢᠳᠠ ᠬᠠᠯᠠᠮᠵᠢᠯᠠᠨ ᠬᠠᠢᠷᠠᠯᠠᠬᠤ ᠵᠢ ᠠᠬᠢᠭᠤᠯᠬᠤ ᠠᠵᠢᠯᠯᠠᠭ᠎ᠠ》᠎ᠶᠢ ᠠᠰ ᠲᠤᠨᠢ ᠪᠦᠯᠦᠭ ᠬᠤᠪᠢᠶᠠᠵᠦ᠂ ᠡᠨᠡ ᠨᠢ ᠭᠠᠬᠴᠠᠭᠠᠷᠳᠠᠮᠠᠯ ᠭᠡᠮ ᠲᠠᠢ ᠬᠦᠮᠦᠰ ᠵᠢᠴᠢ ᠲᠡᠳᠡᠨ᠎ᠦ ᠭᠡᠷ ᠪᠦᠯᠢ ᠵᠢᠨ ᠬᠢᠨ᠎ᠳᠦ ᠪᠤᠶᠠᠨ ᠬᠡᠰᠢᠭ ᠠᠪᠴᠢᠷᠠᠬᠰᠠᠨ ᠪᠣᠯᠣᠨ᠎ᠠ᠃
0 — 6 ᠨᠠᠰᠤᠨ᠎ᠤ ᠬᠡᠦᠬᠡᠳ᠎ᠦᠨ ᠭᠠᠬᠴᠠᠭᠠᠷᠳᠠᠮᠠᠯ ᠭᠡᠮ᠎ᠢ ᠰᠢᠭ᠌ᠰᠢᠨ ᠪᠠᠢᠴᠠᠭᠠᠵᠤ ᠬᠠᠮᠢᠶᠠᠷᠬᠤ ᠦᠢᠯᠡᠴᠢᠯᠡᠭᠡᠨ ᠦ ᠵᠢᠷᠤᠮᠵᠢᠯ ᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠬᠤ᠎ᠪᠠᠷ ᠳᠠᠮᠵᠢᠭᠤᠯᠤᠨ᠂ ᠰᠢᠭ᠌ᠰᠢᠨ ᠪᠠᠢᠴᠠᠭᠠᠬᠤ᠂ ᠣᠨᠣᠰᠢᠯᠠᠬᠤ᠂ ᠡᠷᠡᠭᠦᠯᠵᠢᠭᠦᠯᠤᠨ ᠠᠪᠤᠷᠠᠨ ᠲᠤᠰᠠᠯᠠᠬᠤ᠎ᠶᠢ ᠵᠣᠯᠭᠠᠭᠤᠯᠬᠤ ᠲᠣᠭᠲᠠᠴᠠ᠎ᠶᠢ ᠪᠠᠢᠭᠤᠯᠵᠤ᠂ ᠪᠥᠬᠥ ᠶᠠᠪᠤᠴᠠ ᠵᠢᠨ ᠦᠢᠯᠡᠴᠢᠯᠡᠭᠡ᠎ᠶᠢ ᠵᠢᠷᠤᠮᠵᠢᠭᠤᠯᠤᠨ᠂ ᠭᠡᠷ ᠪᠦᠯᠢ᠎ᠶᠢ ᠬᠠᠪᠰᠤᠷᠤᠨ ᠭᠠᠬᠴᠠᠭᠠᠷᠳᠠᠮᠠᠯ ᠭᠡᠮ᠎ᠲᠠᠢ ᠬᠡᠦᠬᠡᠳ᠎ᠢ ᠴᠠᠭ ᠲᠤᠬᠠᠢ ᠳ᠋ᠤᠨᠢ ᠢᠯᠭᠠᠨ ᠲᠠᠨᠢᠭᠤᠯᠵᠤ᠂ ᠬᠡᠦᠬᠡᠳ᠎ᠤᠨ ᠡᠬᠢᠨ᠎ᠤ ᠬᠤᠭᠤᠴᠠᠭᠠᠨ᠎ᠳᠤ ᠡᠷᠡᠭᠦᠯᠵᠢᠭᠦᠯᠬᠦ ᠦᠢᠯᠡᠴᠢᠯᠡᠭᠡ ᠬᠦᠷᠲᠡᠬᠡᠨ ᠡᠷᠡᠬᠦᠯᠵᠢᠯ᠎ᠦᠨ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠠ᠃
ᠪᠠᠰᠠ ᠡᠷᠡᠭᠦᠯᠵᠢᠯ ᠦᠨ ᠦᠢᠯᠡᠴᠢᠯᠡᠭᠡᠨ ᠦ ᠬᠠᠩᠭᠠᠯᠭ᠎ᠠ᠎ᠶᠢ ᠰᠢᠯᠢᠳᠡᠭᠵᠢᠭᠦᠯᠵᠦ᠂ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠡᠷᠡᠭᠦᠯᠵᠢᠯ᠎ᠦᠨ ᠦᠢᠯᠡᠴᠢᠯᠡᠭᠡᠨ᠎ᠦ ᠬᠠᠩᠭᠠᠯᠭ᠎ᠠ᠎ᠶᠢ ᠨᠡᠮᠡᠭᠳᠡᠭᠦᠯᠵᠦ᠂ ᠡᠬᠡ ᠨᠢᠯᠬᠠᠰ᠎ᠤᠨ ᠡᠷᠡᠭᠦᠯᠵᠢᠯ᠎ᠦᠨ ᠪᠠᠢᠭᠤᠯᠤᠮᠵᠢ᠎ᠶᠢᠨ ᠡᠷᠡᠭᠦᠯᠵᠢᠯ᠎ᠦᠨ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠵᠦ᠂ ᠨᠡᠢᠭᠡᠮ᠎ᠦᠨ ᠬᠦᠴᠦᠨ᠎ᠦ ᠡᠷᠡᠭᠦᠯᠵᠢᠯ᠎ᠦᠨ ᠪᠠᠢᠭᠤᠯᠤᠮᠵᠢ ᠡᠷᠭᠢᠯᠡᠬᠦ᠎ᠶᠢ ᠵᠢᠷᠤᠮᠵᠢᠭᠤᠯᠵᠤ᠂ ᠲᠤᠰᠬᠠᠢ ᠣᠷᠣᠨ᠎ᠤ ᠲᠠᠰ᠎ᠤᠨ ᠬᠣᠲᠠ ᠨᠢᠭᠡᠪᠦᠷᠢ ᠪᠠ ᠬᠥᠮᠥᠨ ᠠᠮᠠ ᠨᠡᠯᠢᠶᠡᠳ ᠲᠥᠪᠯᠡᠷᠡᠭᠰᠡᠨ ᠰᠢᠶᠠᠨ ( ᠬᠣᠲᠠ᠂ ᠲᠣᠭᠣᠷᠢᠭ᠋᠂ ᠬᠣᠰᠢᠭᠤ) ᠴᠥᠮ ᠭᠠᠬᠴᠠᠭᠠᠷᠳᠠᠮᠠᠯ ᠭᠡᠮ᠎ᠲᠠᠢ ᠬᠡᠦᠬᠡᠳ᠎ᠲᠦ ᠡᠷᠡᠭᠦᠯᠵᠢᠯ᠎ᠦᠨ ᠠᠪᠤᠷᠠᠨ ᠲᠤᠰᠠᠯᠠᠬᠤ ᠦᠢᠯᠡᠴᠢᠯᠡᠭᠡ ᠬᠠᠩᠭᠠᠬᠤ᠎ᠶᠢ ᠪᠡᠶᠡᠯᠡᠭᠦᠯᠦᠨ᠎ᠡ᠃ ᠡᠷᠡᠭᠦᠯᠵᠢᠯ᠎ᠦᠨ ᠦᠢᠯᠡᠴᠢᠯᠡᠭᠡ ᠬᠠᠩᠭᠠᠬᠤ ᠴᠢᠳᠠᠪᠤᠷᠢ᠎ᠶᠢ ᠳᠡᠭᠡᠭᠰᠢᠯᠡᠭᠦᠯᠬᠦ᠎ᠪᠡᠷ ᠳᠠᠮᠵᠢᠭᠤᠯᠤᠨ᠂ ᠭᠠᠬᠴᠠᠭᠠᠷᠳᠠᠮᠠᠯ ᠭᠡᠮ᠎ᠲᠠᠢ ᠬᠦᠮᠦᠰ᠎ᠢ ᠬᠠᠪᠰᠤᠷᠤᠨ ᠣᠢᠷ᠎ᠠ ᠬᠠᠪᠢ ᠳ᠋ᠤᠨᠢ ᠦᠢᠯᠡᠴᠢᠯᠡᠭᠡ ᠬᠦᠷᠲᠡᠭᠡᠨ᠎ᠡ᠃
ᠳᠤᠮᠳᠠᠳᠤ ᠤᠯᠤᠰ᠎ᠤᠨ ᠵᠡᠮᠳᠡᠭᠴᠦᠳ᠎ᠦᠨ ᠬᠣᠯᠪᠣᠭ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ 《ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠳᠤ᠂ ᠡᠬᠢᠨ᠎ᠤ ᠬᠤᠭᠤᠴᠠᠭᠠᠨ ᠳ᠋ᠤ ᠢᠯᠡᠷᠡᠭᠦᠯᠬᠦ ᠡᠴᠡ ᠨᠡᠢᠭᠡᠮ ᠲᠣᠭᠣᠷᠢᠭ᠋᠎ᠲᠤ ᠳᠥᠪᠬᠢᠨᠡᠭᠦᠯᠦᠨ ᠠᠵᠢᠯ ᠣᠯᠭᠣᠬᠤ ᠪᠣᠯᠲᠠᠯ᠎ᠠ᠂ ᠨᠠᠰᠤᠨ ᠳᠤᠷᠰᠢᠳᠠ ᠬᠠᠯᠠᠮᠵᠢᠯᠬᠠᠤ ᠨᠢ ᠭᠠᠬᠴᠠᠭᠠᠷᠳᠠᠮᠠᠯ ᠭᠡᠮ᠎ᠲᠠᠢ ᠬᠦᠮᠦᠰ᠎ᠤᠨ ᠬᠠᠮᠤᠭ᠎ᠠᠴᠠ ᠠᠩᠬᠠᠷᠴᠤ ᠪᠠᠢᠭ᠎ᠠ᠂ ᠬᠠᠮᠤᠭ᠎ᠤᠨ ᠪᠣᠳᠠᠲᠠᠢ ᠬᠦᠰᠡᠯ ᠱᠠᠭᠠᠷᠳᠠᠯᠭ᠎ᠠ᠎ᠵᠢ ᠭᠦᠨᠵᠡᠭᠡᠢ ᠬᠠᠩᠭᠠᠵᠦ᠂ ᠭᠠᠬᠴᠠᠭᠠᠷᠳᠠᠮᠠᠯ ᠭᠡᠮ ᠲᠠᠢ ᠬᠥᠮᠥᠰ᠎ᠦᠨ ᠠᠮᠢᠳᠤᠷᠠᠯ᠎ᠤᠨ ᠶᠠᠰᠤ ᠴᠢᠨᠠᠷ ᠪᠠ ᠨᠡᠢᠭᠡᠮ᠎ᠳᠦ ᠵᠣᠬᠢᠴᠠᠬᠤ ᠴᠢᠳᠠᠪᠤᠷᠢ᠎ᠶᠢ ᠳᠡᠭᠡᠭᠰᠢᠯᠡᠭᠦᠯᠬᠦ ᠪᠤᠯᠤᠨ᠎ᠠ᠃
· ᠮᠤᠵᠢ᠎ᠶᠢᠨ ᠲᠥᠪ ᠬᠣᠲᠠ᠂ ᠲᠤᠰᠠᠭᠠᠷ ᠲᠥᠯᠥᠪᠯᠡᠭᠡᠲᠦ ᠬᠣᠲᠠ ᠵᠢᠴᠢ ᠨᠡᠯᠢᠶᠡᠳ ᠶᠡᠬᠡ ᠬᠣᠲᠠ᠎ᠳᠤ ᠭᠠᠬᠴᠠᠭᠠᠷᠳᠠᠮᠠᠯ ᠭᠡᠮ᠎ᠲᠠᠢ ᠬᠦᠮᠦᠰ᠎ᠤᠨ ᠣᠨᠴᠠᠭᠠᠢ ᠰᠤᠷᠭᠠᠨ ᠬᠥᠮᠦᠵᠢᠯ᠎ᠦᠨ ᠰᠤᠷᠭᠠᠭᠤᠯᠢ ᠪᠠᠶ᠋ᠢᠭᠤᠯᠬᠤ᠎ᠶᠢ ᠳᠡᠮᠵᠢᠵᠦ᠂ ᠲᠤᠰᠠᠯᠠᠬᠤ ᠪᠠᠭ᠍ᠰᠢ ᠪᠠᠷ᠎ᠠ ᠪᠣᠯᠵᠤ ᠰᠤᠷᠤᠯᠴᠠᠬᠤ ᠬᠥᠮᠥᠰ᠎ᠢ ᠵᠥᠪᠰᠢᠶᠡᠷᠡᠨ ᠣᠷᠣᠭᠤᠯᠬᠤ ᠪᠠ ᠶᠠᠰᠤ ᠴᠢᠨᠠᠷ᠎ᠢ ᠪᠠᠲᠤᠯᠠᠬᠤ ᠲᠣᠭᠲᠠᠴᠠ᠎ᠶᠢ ᠲᠡᠭᠦᠯᠳᠡᠷᠵᠢᠭᠦᠯᠦᠨ᠂ ᠭᠠᠬᠴᠠᠭᠠᠷᠳᠠᠮᠠᠯ ᠭᠡᠮ᠎ᠲᠠᠢ ᠬᠡᠦᠬᠡᠳ᠎ᠢ ᠬᠠᠪᠰᠤᠷᠤᠨ ᠰᠤᠷᠭᠠᠭᠤᠯᠢ᠎ᠶᠢᠨ ᠠᠮᠢᠳᠤᠷᠠᠯ᠎ᠳᠤ ᠨᠡᠩ ᠰᠠᠢᠲᠤᠷ ᠠᠭᠤᠰᠤᠯᠴᠠᠭᠤᠯᠤᠨ᠎ᠠ᠃
· ᠨᠡᠢᠭᠡᠮ ᠲᠣᠭᠣᠷᠢᠭ᠋᠎ᠤᠨ ᠠᠮᠢᠳᠤᠷᠠᠯ ᠪᠠ ᠠᠵᠢᠯ ᠣᠯᠭᠣᠯᠲᠠ ᠳ᠋ᠤ ᠬᠦᠴᠦᠨ ᠨᠡᠮᠡᠷᠢᠯᠡᠨ᠎ᠡ᠃ ᠡᠷᠡᠭᠦᠯᠵᠢᠯ᠎ᠦᠨ ᠦᠷ᠎ᠡ ᠪᠦᠲᠦᠮᠵᠢ᠎ᠪᠡᠷ ᠰᠠᠢᠨ ᠭᠠᠬᠴᠠᠭᠠᠷᠳᠠᠮᠠᠯ ᠭᠡᠮ ᠲᠠᠢ ᠵᠠᠯᠠᠭᠤᠴᠤᠳ᠎ᠤᠨ ᠨᠡᠢᠭᠡᠮ᠎ᠤᠨ ᠨᠢᠭᠡᠴᠢ᠎ᠳᠦ ᠬᠦᠷᠴᠦ ᠳᠠᠳᠤᠯᠭ᠎ᠠ ᠬᠢᠬᠦ ᠪᠤᠶᠤ ᠠᠵᠢᠯ ᠣᠯᠬᠤ᠎ᠶᠢ ᠳᠡᠮᠵᠢᠵᠦ᠂《ᠣᠶᠤᠨ ᠤᠬᠠᠭᠠᠨ᠎ᠤ ᠰᠠᠭᠠᠳ᠎ᠲᠠᠢ ᠬᠥᠮᠥᠰ᠎ᠢ ᠨᠡᠢᠭᠡᠮ ᠲᠣᠭᠣᠷᠢᠭ᠋᠎ᠲᠤ ᠠᠭᠤᠰᠤᠯᠴᠠᠭᠤᠯᠬᠤ》 ᠲᠥᠯᠥᠪᠯᠡᠭᠡ᠎ᠶᠢ ᠬᠡᠷᠡᠭᠵᠢᠭᠦᠯᠵᠦ᠂ ᠲᠡᠳᠡᠨ᠎ᠢ ᠬᠠᠪᠰᠤᠷᠤᠨ ᠠᠮᠢᠳᠤᠷᠠᠯ᠎ᠤᠨ ᠮᠡᠷᠭᠡᠵᠢᠯ ᠴᠢᠳᠠᠪᠤᠷᠢ ᠪᠠ ᠨᠡᠢᠭᠡᠮ᠎ᠳᠦ ᠵᠣᠬᠢᠴᠠᠬᠤ ᠴᠢᠳᠠᠪᠤᠷᠢ᠎ᠶᠢ ᠨᠢ ᠳᠡᠭᠡᠭᠰᠢᠯᠡᠭᠦᠯᠵᠦ᠂ ᠲᠡᠳᠡᠨ᠎ᠦ ᠨᠡᠢᠭᠡᠮ ᠲᠣᠭᠣᠷᠢᠭ᠋᠎ᠲᠤ ᠠᠵᠢᠯ ᠣᠯᠬᠤ᠎ᠶᠢ ᠳᠡᠮᠵᠢᠨ᠎ᠡ᠃
·ᠭᠡᠷ ᠪᠦᠯᠢ᠎ᠶᠢ ᠳᠡᠮᠵᠢᠬᠦ ᠦᠢᠯᠡᠴᠢᠯᠡᠭᠡ᠎ᠶᠢ ᠪᠣᠳᠠᠲᠠᠢᠵᠢᠭᠤᠯᠤᠨ᠎ᠠ᠃ ᠭᠡᠷ ᠪᠦᠯᠢ᠎ᠪᠡᠷ ᠭᠣᠣᠯ ᠪᠣᠯᠭᠠᠭᠰᠠᠨ ᠡᠬᠢᠨ᠎ᠤ ᠬᠤᠭᠤᠴᠠᠭᠠᠨ᠎ᠤ ᠬᠠᠮᠢᠶᠠᠷᠬᠤ ᠦᠢᠯᠡᠴᠢᠯᠡᠭᠡ ᠪᠠ ᠪᠣᠯᠪᠠᠰᠤᠷᠠᠯ᠎ᠢ ᠵᠣᠬᠢᠶᠠᠨ ᠪᠠᠢᠭᠤᠯᠤᠨ ᠥᠷᠨᠢᠭᠦᠯᠵᠦ᠂ ᠭᠡᠷ ᠪᠦᠯᠢ᠎ᠶᠢᠨ ᠰᠡᠳᠬᠢᠴᠡ᠎ᠶᠢᠨ ᠵᠢᠯᠣᠭᠣᠳᠤᠯᠭ᠎ᠠ᠂ ᠨᠠᠢᠳᠠᠨ ᠠᠰᠠᠷᠠᠭᠤᠯᠬᠤ᠂ ᠠᠮᠠᠷᠠᠯᠲᠠ ᠲᠠᠢ ᠬᠠᠷᠠᠭᠠᠯᠵᠠᠬᠤ᠂ ᠨᠡᠢᠭᠡᠮ ᠲᠣᠭᠣᠷᠢᠭ᠋᠎ᠤᠨ ᠳᠡᠮᠵᠢᠯᠭᠡ ᠵᠡᠷᠭᠡ ᠦᠢᠯᠡᠴᠢᠯᠡᠭᠡ᠎ᠶᠢ ᠬᠥᠭᠵᠢᠭᠦᠯᠦᠨ᠂ ᠭᠡᠷ ᠪᠦᠯᠢ᠎ᠶᠢᠨ ᠣᠷᠳᠣ᠌ ᠬᠤᠭᠤᠴᠠᠭ᠎ᠠ᠎ᠪᠠᠷ ᠬᠠᠷᠠᠭᠠᠯᠵᠠᠨ ᠠᠰᠠᠷᠠᠬᠤ ᠳᠠᠷᠤᠭᠠᠰᠦ ᠵᠢ ᠬᠦᠩᠬᠡᠷᠡᠬᠦᠯᠦᠨᠠ᠃
(ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃