ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-08-03 16:45:54

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

ᠤᠯᠤᠰ᠎ᠤᠨ ᠺᠢᠨᠣ᠋᠎ᠶᠢᠨ ᠲᠣᠪᠴᠢᠶ᠎ᠠ᠎ᠶᠢᠨ 《2026 ᠺᠢᠨᠣ᠋᠎ᠶᠢᠨ ᠠᠵᠤ ᠠᠬᠤᠢ᠎ᠶᠢ ᠠᠬᠢᠭᠤᠯᠬᠤ ᠣᠨ》᠎ᠤ ᠠᠵᠢᠯ᠎ᠤᠨ ᠪᠠᠢᠷᠢᠯᠠᠭᠤᠯᠤᠯᠲᠠ᠎ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ ᠺᠢᠨᠣ᠋ ᠰᠣᠨᠢᠷᠬᠠᠬᠤ ᠬᠡᠷᠡᠭᠯᠡᠭᠡᠨ᠎ᠦ ᠰᠢᠵᠢᠷ ᠠᠯᠲᠠᠨ ᠴᠣᠩᠬᠣᠪᠴᠢ᠎ᠶᠢᠨ ᠬᠤᠭᠤᠴᠠᠭ᠎ᠠ᠎ᠶᠢ ᠵᠠᠪᠳᠤᠨ ᠠᠳᠬᠤᠵᠤ᠂ ᠣᠯᠠᠨ ᠲᠦᠮᠡᠨ᠎ᠦ ᠣᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠥᠪᠥᠷ ᠮᠣᠩᠭᠣᠯ᠎ᠤᠨ ᠺᠢᠨᠣ᠋᠎ᠶᠢᠨ ᠵᠠᠬ᠎ᠠ ᠳᠡᠯᠭᠡᠭᠦᠷ᠎ᠦᠨ ᠬᠡᠷᠡᠭᠯᠡᠭᠡᠨ᠎ᠦ ᠠᠮᠢᠵᠢᠷᠠᠯ᠎ᠤᠨ ᠬᠦᠴᠦᠨ᠎ᠢ ᠬᠥᠭᠵᠢᠭᠡᠬᠦ᠎ᠶᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠺᠢᠨᠣ᠋᠎ᠶᠢᠨ ᠲᠣᠪᠴᠢᠶ᠎ᠠ᠎ᠠᠴᠠ ᠭᠣᠣᠯᠯᠠᠨ ᠡᠷᠭᠢᠯᠡᠵᠤ᠂ ᠥᠪᠥᠷ ᠮᠣᠩᠭᠣᠯ᠎ᠤᠨ ᠺᠢᠨᠣ᠋᠎ᠶᠢᠨ ᠪᠦᠯᠦᠭᠯᠡᠯ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠡᠴᠡ ᠳᠠᠭᠠᠭᠠᠨ ᠡᠷᠭᠢᠯᠡᠭᠰᠡᠨ 2026 ᠣᠨ᠎ᠤ 《ᠺᠢᠨᠣ᠋᠎ᠶᠢᠨ ᠤᠮᠠᠷᠠᠲᠤ᠎ᠶᠢᠨ ᠠᠶᠠᠯᠠᠯ》 ᠺᠢᠨᠣ᠋᠎ᠶᠢᠨ ᠦᠵᠡᠭᠦᠯᠭᠡ᠎ᠶᠢᠨ ᠠᠵᠢᠯᠯᠠᠭ᠎ᠠ 7 ᠰᠠᠷ᠎ᠠ᠎ᠶᠢᠨ 31 ᠎ᠦ ᠡᠳᠦᠷ ᠵᠢᠩᠬᠢᠨᠢ᠎ᠪᠡᠷ ᠡᠬᠢᠯᠡᠵᠤ᠂ 9 ᠰᠠᠷ᠎ᠠ᠎ᠶᠢᠨ ᠡᠬᠢ ᠪᠣᠯᠲᠠᠯ᠎ᠠ ᠦᠷᠭᠦᠯᠵᠢᠯᠡᠨ᠎ᠠ᠃ ᠡᠨᠡ ᠬᠦ᠌ ᠬᠤᠭᠤᠴᠠᠭᠠᠨ᠎ᠳᠤ ᠰᠢᠨ᠎ᠡ ᠺᠢᠨᠣ᠋᠎ᠶᠢ ᠦᠨ᠎ᠡ ᠲᠥᠯᠥᠪᠦᠷᠢ ᠦᠭᠡᠢ᠎ᠪᠡᠷ ᠦᠵᠡᠵᠦ ᠪᠤᠯᠤᠨ᠎ᠠ᠃ ᠲᠣᠰ ᠤᠳᠠᠭᠠᠨ᠎ᠤ ᠠᠵᠢᠯᠯᠠᠭ᠎ᠠ᠎ᠶᠢᠨ ᠪᠥᠬᠥ ᠶᠠᠪᠤᠴᠠ ᠳ᠋ᠤ ᠣᠯᠠᠨ ᠨᠡᠶ᠋ᠢᠲᠡ᠎ᠡᠴᠡ ᠰᠦᠢᠳᠬᠡᠯ ᠬᠤᠷᠢᠶᠠᠬᠤ ᠦᠭᠡᠢ᠂ ᠺᠢᠨᠣ᠋᠎ᠶᠢᠨ ᠣᠷᠳᠣᠨ᠎ᠤ ᠠᠷᠠᠳ᠎ᠲᠤ ᠠᠰᠢᠭ᠋ ᠬᠦᠷᠲᠡᠭᠡᠬᠦ ᠦᠵᠡᠭᠦᠯᠭᠡ ᠪᠠ ᠨᠡᠶ᠋ᠢᠲᠡ᠎ᠶᠢᠨ ᠠᠰᠠᠷᠠᠮᠵᠢ᠎ᠶᠢᠨ ᠺᠢᠨᠣ᠋ ᠭᠠᠷᠭᠠᠬᠤ ᠬᠣᠶᠠᠷ ᠶᠡᠬᠡ ᠬᠡᠰᠡᠭ ᠠᠭᠤᠯᠭ᠎ᠠ ᠳᠤᠬᠢᠷᠠᠭᠤᠯᠪᠠ᠃




ᠺᠢᠨᠣ᠋᠎ᠶᠢᠨ ᠣᠷᠳᠣᠨ᠎ᠤ ᠠᠷᠠᠳ᠎ᠲᠤ ᠠᠰᠢᠭ᠋ ᠬᠦᠷᠲᠡᠭᠡᠬᠦ ᠦᠵᠡᠭᠦᠯᠭᠡ

ᠥᠪᠥᠷ ᠮᠣᠩᠭᠣᠯ᠎ᠤᠨ 17 ᠬᠣᠲᠠ᠎ᠶᠢᠨ ᠺᠢᠨᠣ᠋ ᠵᠢᠨ ᠤᠷᠳᠤᠨ ᠠᠵᠢᠯᠯᠠᠭ᠎ᠠ ᠡᠬᠢᠯᠡᠭᠰᠡᠨ ᠴᠠᠬ ᠡᠴᠡ ᠭᠠᠷᠠᠭ ᠪᠦᠷᠢ᠎ᠶᠢᠨ ᠲᠠᠪᠤᠨ᠂ ᠵᠢᠷᠭᠤᠭᠠᠨ᠂ ᠡᠳᠦᠷ ᠭᠤᠷᠪᠠᠨ ᠡᠳᠦᠷ᠎ᠤᠨ 10᠄ 00 ᠵᠢᠴᠢ 15᠄ 00 ᠎ᠲᠤ ᠲᠤᠰᠬᠠᠢ ᠲᠠᠯᠠᠪᠠᠶ ᠲᠣᠬᠢᠷᠠᠭᠤᠯᠤᠨ ᠺᠢᠨᠣ᠋ ᠦᠵᠡᠭᠦᠯᠦᠨ᠎ᠡ᠃ ᠦᠵᠡᠭᠴᠢᠳ ᠤᠲᠠᠰᠤ᠎ᠪᠠᠷ ᠪᠣᠯᠵᠣᠬᠤ ᠪᠠ ᠺᠢᠨᠣ᠋᠎ᠶᠢᠨ ᠣᠷᠳᠣᠨ᠎ᠳᠤ ᠳᠠᠩᠰᠠᠯᠠᠬᠤ ᠬᠣᠶᠠᠷ ᠵᠦᠢᠯ᠎ᠦᠨ ᠠᠷᠭ᠎ᠠ ᠮᠠᠶᠢᠭ᠋᠎ᠢᠶᠠᠷ ᠺᠢᠨᠣ᠋ ᠦᠵᠡᠬᠦ ᠬᠢᠷᠢ ᠬᠡᠮ᠎ᠢ ᠣᠯᠵᠤ ᠪᠣᠯᠣᠨ᠎ᠠ᠃

ᠡᠭᠦᠨ᠎ᠦ ᠬᠠᠮᠲᠤ᠂ ᠲᠠᠯᠠᠪᠤᠷ ᠪᠦᠷᠢ᠎ᠳᠦ 15 ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠰᠣᠷᠣᠭ᠍ᠴᠢ᠎ᠶᠢᠨ ᠲᠤᠰᠬᠠᠢ ᠺᠢᠨᠣ᠋᠎ᠶᠢᠨ ᠪᠢᠯᠧᠲ ᠦᠯᠡᠳᠡᠭᠡᠵᠤ᠂ ᠰᠢᠯᠭᠠᠭᠤᠯᠤᠭ᠍ᠴᠢ ᠰᠢᠯᠭᠠᠭᠤᠯᠬᠤ ᠦᠨᠡᠮᠯᠡᠯ᠎ᠢᠶᠡᠷ᠎ᠢᠶᠡᠨ ᠲᠤᠬᠠᠢ᠎ᠶᠢᠨ ᠲᠠᠯᠠᠪᠤᠷ᠎ᠲᠤ ᠬᠦᠷᠴᠤ ᠺᠢᠨᠣ᠋ ᠰᠤᠨᠢᠷᠬᠠᠵᠤ ᠪᠤᠯᠤᠨ᠎ᠠ᠃


QQ截图20260803165219.png


ᠨᠡᠶ᠋ᠢᠲᠡ᠎ᠶᠢᠨ ᠠᠰᠠᠷᠠᠮᠵᠢ᠎ᠶᠢᠨ ᠺᠢᠨᠣ᠋ ᠭᠠᠷᠭᠠᠬᠤ

ᠨᠡᠶ᠋ᠢᠲᠡ᠎ᠶᠢᠨ ᠠᠰᠠᠷᠠᠮᠵᠢ᠎ᠶᠢᠨ ᠺᠢᠨᠣ᠋ ᠭᠠᠷᠭᠠᠬᠤ ᠬᠡᠰᠡᠭ ᠨᠢ ᠳᠡᠯᠭᠡᠴᠡ᠎ᠶᠢ ᠠᠭᠤᠳᠠᠮ ᠲᠠᠯᠠᠪᠠᠶ᠂ ᠴᠡᠴᠡᠷᠯᠢᠭ᠂ ᠨᠡᠢᠭᠡᠮ ᠲᠣᠭᠣᠷᠢᠭ᠋ ᠵᠡᠷᠭᠡ ᠣᠯᠠᠨ ᠨᠡᠶ᠋ᠢᠲᠡ᠎ᠶᠢᠨ ᠣᠷᠣᠨ ᠵᠠᠢ ᠳ᠋ᠤ ᠬᠦᠷᠭᠡᠵᠦ᠂ 25 ᠰᠢᠯᠢᠳᠡᠭ ᠤᠯᠤᠰ᠎ᠤᠨ ᠺᠢᠨᠣ᠋ ᠰᠣᠩᠭᠣᠵᠤ ᠨᠠᠩ ᠣᠯᠠᠨ ᠦᠨᠳᠦᠰᠦᠨ ᠱᠠᠲᠤᠨ᠎ᠤ ᠣᠯᠠᠨ ᠲᠦᠮᠡᠨ᠎ᠤ ᠬᠠᠷᠠᠭᠠᠨ ᠳ᠋ᠤ ᠬᠦᠷᠭᠡᠬᠦ ᠪᠤᠯᠤᠨ᠎ᠡ᠃


QQ截图20260803165235.png

ᠢᠷᠡᠯᠲᠡ ᠄ ᠥᠪᠥᠷ ᠮᠣᠩᠭᠣᠯ᠎ᠤᠨ ᠺᠢᠨᠣ᠋᠎ᠶᠢᠨ ᠪᠦᠯᠦᠭᠯᠡᠯ᠂ ᠬᠦᠬᠡᠬᠤᠲᠠ ᠬᠠᠮ ᠵᠠᠭᠤᠴᠢᠯᠠᠭᠤᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄
兼容浏览器的HTML页面