2026-08-04 10:58:28
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠣᠢᠷ᠎ᠠ᠎ᠳᠤ ᠠᠩᠬᠠᠨ᠎ᠤ ᠪᠦᠯᠦᠭ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠡᠬᠢ ᠪᠠᠶᠠᠯᠢᠭ᠋᠎ᠤᠨ ᠴᠡᠭ᠎ᠢ ᠨᠡᠢᠲᠡᠯᠡᠪᠡ᠂ ᠨᠡᠶ᠋ᠢᠲᠡ 105 ᠪᠤᠢ᠃
2025 ᠣᠨ᠎ᠳᠤ ᠥᠪᠥᠷ ᠮᠣᠩᠭᠣᠯ᠎ᠤᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠠᠵᠢᠯ᠎ᠢ ᠠᠬᠢᠭᠤᠯᠵᠤ᠂ ᠪᠥᠬᠥ ᠤᠯᠤᠰ᠎ᠤᠨ ᠨᠠᠷᠠᠲᠤ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠵᠣᠷᠢᠭ᠍ᠰᠠᠨ ᠭᠠᠵᠠᠷ᠎ᠢ ᠪᠠᠶ᠋ᠢᠭᠤᠯᠬᠤ᠎ᠶᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠭᠤᠷᠪᠠᠳᠠᠭᠢ ᠡᠲᠡᠭᠡᠳ᠎ᠦᠨ ᠲᠤᠰᠬᠠᠢ ᠮᠡᠷᠭᠡᠵᠢᠯ᠎ᠦᠨ ᠪᠠᠢᠭᠤᠯᠤᠮᠵᠢ᠎ᠳᠤ ᠨᠠᠢᠳᠠᠵᠤ᠂ ᠪᠥᠬᠥ ᠣᠷᠣᠨ᠎ᠤ 12 ᠠᠢᠮᠠᠭ ᠬᠣᠲᠠ ᠵᠢᠴᠢ ᠮᠠᠨᠵᠤᠤᠷ ᠬᠣᠲᠠ᠂ ᠡᠷᠢᠶᠡᠨ ᠬᠣᠲᠠ᠎ᠳᠤ ᠰᠢᠰᠲᠧᠮ᠎ᠲᠠᠢ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠡᠬᠢ ᠪᠠᠶᠠᠯᠢᠭ᠋᠎ᠤᠨ ᠨᠡᠢᠳᠡᠮ ᠪᠠᠢᠴᠠᠭᠠᠯᠲᠠ᠎ᠶᠢᠨ ᠠᠵᠢᠯ ᠥᠷᠨᠢᠭᠦᠯᠪᠡ᠃ ᠵᠢᠯ ᠰᠢᠬᠠᠮ᠎ᠤᠨ ᠲᠤᠬᠠᠢ᠎ᠶᠢᠨ ᠭᠠᠵᠠᠷ᠎ᠤᠨ ᠪᠠᠢᠴᠠᠭᠠᠯᠲᠠ᠂ ᠲᠤᠰᠬᠠᠢ ᠮᠡᠷᠭᠡᠵᠢᠯᠲᠡᠨ᠎ᠦ ᠬᠢᠨᠠᠨ ᠲᠣᠭᠲᠠᠭᠠᠯᠲᠠ ᠪᠠ ᠲᠣᠭ᠎ᠠ ᠪᠠᠷᠢᠮᠲᠠ᠎ᠶᠢᠨ ᠳᠠᠬᠢᠨ ᠬᠢᠨᠠᠯᠲᠠ᠎ᠪᠠᠷ ᠳᠡᠮᠵᠢᠨ᠂ ᠨᠡᠢᠳᠡᠮ ᠪᠠᠢᠴᠠᠭᠠᠯᠲᠠ᠎ᠶᠢᠨ ᠠᠵᠢᠯ ᠲᠡᠭᠦᠰ ᠠᠮᠵᠢᠯᠲᠠ᠎ᠲᠠᠢ ᠪᠡᠶᠡᠯᠡᠭᠳᠡᠪᠡ᠃
ᠥᠪᠥᠷ ᠮᠣᠩᠭᠣᠯ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠢᠲᠤ ᠣᠷᠣᠨ᠎ᠢ ᠰᠤᠨᠳᠠᠯᠠᠵᠤ᠂ ᠲᠠᠯ᠎ᠠ ᠨᠤᠲᠤᠭ᠂ ᠣᠶ ᠰᠢᠭᠤᠢ᠂ ᠶᠡᠬᠡ ᠭᠣᠣᠯ ᠨᠠᠭᠤᠷ᠂ ᠶᠡᠬᠡ ᠡᠯᠡᠰᠦ᠂ ᠶᠡᠬᠡ ᠴᠠᠰᠤ ᠮᠥᠰᠥ ᠵᠡᠷᠭᠡ ᠣᠯᠠᠨ ᠡᠰᠢᠲᠦ ᠪᠠᠢᠭᠠᠯᠢ᠎ᠶᠢᠨ ᠦᠵᠡᠮᠵᠢ ᠵᠢᠴᠢ ᠭᠦᠨ ᠵᠤᠵᠠᠭᠠᠨ ᠬᠤᠪᠢᠰᠬᠠᠯ᠎ᠤᠨ ᠰᠣᠶᠣᠯ᠂ ᠲᠡᠦᠬᠡ ᠰᠣᠶᠣᠯ᠂ ᠪᠣᠳᠠᠰ᠎ᠤᠨ ᠪᠤᠰᠤ ᠰᠣᠶᠣᠯ᠎ᠤᠨ ᠥᠪ ᠪᠠ ᠣᠲᠣ᠌ ᠦᠶ᠎ᠡ᠎ᠶᠢᠨ ᠠᠵᠤ ᠦᠢᠯᠡᠳᠪᠦᠷᠢ᠎ᠶᠢᠨ ᠪᠣᠯᠪᠠᠰᠤᠨ᠎ᠲᠠᠢ ᠪᠠᠢᠳᠠᠭ᠃ ᠲᠣᠰ ᠤᠳᠠᠭᠠᠨ᠎ᠤ ᠨᠡᠢᠳᠡᠮ ᠪᠠᠢᠴᠠᠭᠠᠯᠲᠠ᠎ᠶᠢᠨ ᠡᠬᠢ ᠪᠠᠶᠠᠯᠢᠭ᠋᠎ᠤᠨ ᠴᠡᠭ ᠨᠢ ᠪᠥᠬᠥ ᠣᠷᠣᠨ᠎ᠳᠤ ᠲᠦᠭᠡᠵᠦ᠂ 《ᠵᠡᠭᠦᠨᠳᠡᠬᠢ ᠣᠢ ᠪᠠᠷᠠᠭᠤᠨᠳᠠᠬᠢ ᠡᠯᠡᠰᠦ᠂ ᠡᠮᠦᠨᠡᠳᠡᠬᠢ ᠲᠠᠷᠢᠶᠠᠯᠠᠩ ᠤᠮᠠᠷᠠᠳᠠᠬᠢ ᠮᠠᠯ ᠠᠵᠤ ᠠᠬᠤᠢ᠂ ᠪᠦᠬᠦ ᠣᠷᠣᠨ ᠪᠦᠰᠡ᠎ᠶᠢ ᠬᠠᠮᠤᠷᠤᠭᠰᠠᠨ》 ᠣᠷᠣᠨ ᠵᠠᠢ᠎ᠶᠢᠨ ᠣᠨᠴᠠᠯᠢᠭ᠋᠎ᠢ ᠢᠯᠡᠷᠡᠭᠦᠯᠵᠤ᠂ ᠪᠠᠢᠭᠠᠯᠢ᠎ᠶᠢᠨ ᠭᠠᠵᠠᠷ ᠵᠦᠢ᠎ᠶᠢᠨ ᠥᠩᠭᠡ ᠳᠦᠷᠰᠦ᠎ᠶᠢ ᠢᠯᠡᠷᠡᠭᠦᠯᠦᠭᠰᠡᠨ ᠪᠠᠢᠭᠠᠯᠢ᠎ᠶᠢᠨ ᠠᠮᠢ ᠠᠬᠤᠢ᠎ᠶᠢᠨ ᠴᠡᠭ᠎ᠢ ᠬᠠᠮᠤᠷᠤᠭᠰᠠᠨ᠎ᠢᠶᠠᠷ ᠪᠠᠷᠠᠬᠤ ᠦᠭᠡᠢ᠂ ᠪᠠᠰᠠ ᠰᠤᠶᠤᠯ ᠢᠷᠭᠡᠨᠰᠢᠯ᠎ᠤᠨ ᠲᠡᠦᠬᠡ᠎ᠶᠢᠨ ᠠᠭᠤᠯᠤᠭᠳᠠᠬᠤᠨ᠎ᠢ ᠠᠴᠢᠶᠠᠯᠠᠭᠰᠠᠨ ᠰᠣᠶᠣᠯ᠎ᠤᠨ ᠲᠥᠷᠥᠯ ᠵᠦᠢᠯ᠎ᠦᠨ ᠴᠡᠭ᠂ ᠵᠢᠴᠢ ᠣᠲᠣ᠌ ᠦᠶ᠎ᠡ᠎ᠶᠢᠨ ᠬᠥᠭᠵᠢᠯᠲᠡ᠎ᠶᠢᠨ ᠠᠮᠵᠢᠯᠲᠠ ᠪᠦᠲᠦᠮᠵᠢ᠎ᠶᠢ ᠢᠯᠡᠷᠡᠭᠦᠯᠦᠭᠰᠡᠨ ᠠᠵᠤ ᠦᠢᠯᠡᠳᠪᠦᠷᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠷᠢᠶᠡᠯᠡᠩ ᠲᠣᠭᠣᠷᠢᠭ᠋ ᠵᠡᠷᠭᠡ᠎ᠶᠢ ᠬᠠᠮᠤᠷᠴᠤ᠂ ᠡᠯ᠎ᠡ ᠲᠥᠷᠥᠯ᠎ᠦᠨ ᠴᠢᠨᠠᠷ ᠰᠠᠢᠲᠠᠢ ᠰᠤᠳᠤᠯᠤᠨ ᠰᠤᠷᠤᠯᠴᠠᠬᠤ ᠡᠬᠢ ᠪᠠᠶᠠᠯᠢᠭ᠋᠎ᠢ 《ᠭᠦᠨ ᠬᠠᠳᠠᠭᠠᠯᠠᠵᠤ》 ᠪᠠᠢᠭᠰᠠᠨ᠎ᠡᠴᠠ᠎ᠪᠠᠨ ᠢᠯᠡ ᠲᠣᠳᠣᠷᠬᠠᠢ ᠬᠦᠷᠴᠦ ᠪᠤᠯᠬᠤᠢᠴᠠ ᠪᠣᠯᠭᠠᠬᠤ᠎ᠶᠢᠨ ᠬᠠᠮᠲᠤ᠂ ᠰᠤᠳᠤᠯᠤᠨ ᠰᠤᠷᠤᠯᠴᠠᠬᠤ ᠦᠢᠯᠡᠳᠬᠦᠨ᠎ᠢ ᠨᠡᠭᠡᠭᠡᠨ ᠬᠥᠭᠵᠢᠭᠦᠯᠬᠦ᠂ ᠵᠠᠮ ᠱᠤᠭᠤᠮ᠎ᠢ ᠵᠢᠷᠤᠵᠤ ᠲᠥᠯᠥᠪᠯᠡᠬᠦ᠎ᠳᠦ ᠭᠦᠢᠴᠡᠳ ᠡᠬᠢ ᠪᠠᠶᠠᠯᠢᠭ᠋᠎ᠤᠨ ᠦᠨᠳᠦᠰᠦᠯᠡᠯ ᠬᠠᠩᠭᠠᠭᠰᠠᠨ ᠪᠠᠢᠨ᠎ᠠ᠃ ᠲᠠᠷᠠᠭᠠᠴᠢ᠎ᠶᠢᠨ ᠠᠯᠬᠤᠮ᠎ᠳᠤ᠂ ᠥᠪᠥᠷ ᠮᠣᠩᠭᠣᠯ ᠪᠠᠰᠠ ᠲᠣᠰ ᠤᠳᠠᠭᠠᠨ᠎ᠤ ᠨᠡᠢᠳᠡᠮ ᠪᠠᠢᠴᠠᠭᠠᠯᠲᠠ᠎ᠶᠢᠨ ᠦᠷ᠎ᠡ ᠪᠦᠲᠦᠭᠡᠯ᠎ᠳᠦ ᠲᠦᠰᠢᠭᠯᠡᠨ᠂ ᠡᠬᠢ ᠪᠠᠶᠠᠯᠢᠭ᠋᠎ᠤᠨ ᠴᠡᠭ᠎ᠢ ᠪᠣᠳᠠᠲᠠᠢ ᠭᠠᠵᠠᠷ ᠲᠤᠨᠢ ᠤᠯᠠᠷᠢᠭᠤᠯᠬᠤ᠎ᠶᠢ ᠠᠯᠬᠤᠮ ᠠᠯᠬᠤᠮ᠎ᠢᠶᠠᠷ ᠠᠬᠢᠭᠤᠯᠵᠤ᠂ ᠵᠦᠷᠢᠶᠡᠴᠢᠯᠡᠭᠰᠡᠨ᠂ ᠭᠣᠣᠯ ᠰᠡᠳᠦᠪᠲᠦ ᠰᠤᠳᠤᠯᠤᠨ ᠰᠤᠷᠤᠯᠴᠠᠬᠤ ᠦᠢᠯᠡᠳᠬᠦᠨ᠎ᠢ ᠨᠡᠭᠡᠭᠡᠨ ᠬᠥᠭᠵᠢᠭᠦᠯᠵᠦ᠂ ᠨᠠᠩ ᠣᠯᠠᠨ ᠵᠠᠯᠠᠭᠤᠴᠤᠳ ᠪᠠᠭᠠᠴᠤᠳ᠎ᠢ ᠥᠪᠥᠷ ᠮᠣᠩᠭᠣᠯ᠎ᠳᠤ ᠲᠡᠳᠡᠨ ᠠᠪᠴᠢᠷᠠᠵᠤ᠂ ᠶᠠᠪᠤᠵᠤ ᠰᠠᠭᠤᠬᠤ ᠰᠤᠳᠤᠯᠤᠨ ᠰᠤᠷᠤᠯᠴᠠᠬᠤ ᠳᠤᠮᠳᠠ ᠥᠪᠥᠷ ᠮᠣᠩᠭᠣᠯ᠎ᠤᠨ ᠥᠪᠡᠷᠮᠢᠴᠡ ᠷᠢᠳᠢ ᠰᠢᠳᠢ᠎ᠶᠢ ᠮᠡᠳᠡᠷᠡᠭᠦᠯᠦᠨ᠎ᠡ᠃
ᠲᠤᠰ ᠬᠣᠯᠪᠣᠭ᠋ᠠᠰᠤ᠎ᠶᠢ ᠲᠣᠪᠴᠢᠳᠠᠵᠤ 105 ᠡᠬᠢ ᠪᠠᠶᠠᠯᠢᠭ᠋᠎ᠤᠨ ᠴᠡᠭ᠎ᠤᠨ ᠨᠠᠷᠢᠨ ᠠᠭᠤᠯᠭ᠎ᠠ᠎ᠶᠢ ᠦᠵᠡᠭᠡᠷᠡᠢ!
ᠢᠷᠡᠯᠲᠡ᠄ ᠤᠮᠠᠷᠠᠲᠤ ᠵᠢᠨ ᠰᠦᠯᠵᠢᠶ᠎ᠡ᠂ ᠦᠪᠦᠷ ᠮᠤᠩᠭᠤᠯ᠎ᠤᠨ ᠰᠤᠶᠤᠯ ᠪᠠ ᠵᠢᠭᠤᠯᠴᠢᠯᠠᠯ ᠵᠢᠷᠬᠢᠶ᠎ᠡ ᠵᠢᠨ ᠲᠠᠪᠴᠠᠩ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃