ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-11-03 16:13:23

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 29᠎ᠦ ᠡᠳᠦᠷ᠎ᠡᠴᠡ 30᠎ᠤ ᠡᠳᠦᠷ ᠪᠣᠯᠲᠠᠯ᠎ᠠ᠂ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ ᠵᠦᠪᠯᠡᠯ᠂ ᠰᠤᠷᠭᠠᠨ ᠬᠥᠮᠦᠵᠢᠯ᠎ᠦᠨ ᠶᠠᠮᠤᠨ ᠬᠠᠮᠲᠤᠷᠠᠨ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠳᠤ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠭᠠᠨ ᠰᠤᠷᠭᠠᠯᠳᠠ ᠵᠢᠨ ᠦᠵᠡᠬᠦᠯᠭᠡ ᠵᠢᠨ ᠠᠵᠢᠯᠯᠠᠭ᠎ᠠ ᠶᠠᠪᠤᠭᠳᠠᠭᠤᠯᠪᠠ᠃ ᠲᠤᠰ ᠠᠵᠢᠯᠯᠠᠭ᠎ᠠ᠎ᠳᠤ ᠠᠩᠬ᠎ᠠ ᠤᠳᠠᠭ᠎ᠠ ᠶᠡᠬᠡ ᠳᠡᠭᠡᠳᠦ ᠰᠤᠷᠭᠠᠭᠤᠯᠢ᠎ᠶᠢᠨ《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠲᠣᠢᠮᠣ᠌》᠂ ᠳᠤᠮᠳᠠᠳᠤ ᠰᠤᠷᠭᠠᠭᠤᠯᠢ᠎ᠶᠢᠨ《ᠳᠤᠮᠳᠠᠳᠤ᠎ᠶᠢᠨ ᠦᠨᠳᠦᠰᠦᠲᠡᠨ᠎ᠦ ᠶᠡᠬᠡ ᠪᠦᠯᠬᠦᠮᠳᠡᠯ》᠂ ᠪᠠᠭ᠎ᠠ ᠰᠤᠷᠭᠠᠭᠤᠯᠢ ᠎ᠶᠢᠨ 《ᠳᠤᠮᠳᠠᠳᠤ᠎ᠶᠢᠨ ᠦᠨᠳᠦᠰᠦᠲᠡᠨ᠎ᠦ ᠶᠡᠬᠡ ᠭᠡᠷ ᠪᠦᠯᠢ》 ᠵᠡᠷᠭᠡ ᠭᠤᠷᠪᠠᠨ ᠰᠤᠷᠤᠯᠭ᠎ᠠ᠎ᠶᠢᠨ ᠱᠠᠳᠤᠨ᠎ᠤ ᠵᠢᠭᠠᠨ ᠰᠤᠷᠭᠠᠯᠲᠠ᠎ᠶᠢ ᠵᠡᠷᠭᠡᠪᠡᠷ ᠳᠡᠯᠭᠡᠨ ᠦᠵᠡᠭᠦᠯᠵᠦ᠂ ᠪᠦᠬᠦ ᠤᠯᠤᠰ᠎ᠤᠨ 31 ᠮᠤᠵᠢ (ᠣᠷᠣᠨ᠂ ᠬᠤᠳᠠ) ᠪᠣᠯᠣᠨ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠦᠸᠠᠨ᠎ᠤ 86 ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ 87 ᠰᠢᠯᠢᠳᠡᠭ ᠪᠠᠭ᠍ᠰᠢ ᠨᠠᠷ ᠲᠤᠬᠠᠢ᠎ᠶᠢᠨ ᠲᠠᠯᠠᠪᠠᠢ ᠳ᠋ᠦ ᠵᠢᠭᠠᠨ ᠰᠤᠷᠭᠠᠯᠲᠠ᠎ᠶᠢᠨ ᠦᠵᠡᠭᠦᠯᠭᠡ ᠬᠢᠬᠦ ᠵᠢᠨ ᠬᠠᠮᠲᠤ ᠰᠤᠷᠤᠯᠭ᠎ᠠ᠎ᠶᠢᠨ ᠱᠠᠳᠤ ᠠᠯᠤᠰᠯᠠᠨ ᠲᠣᠭᠣᠷᠢᠨ ᠦᠵᠡᠵᠦ ᠰᠣᠯᠢᠯᠴᠠᠭ᠎ᠠ ᠬᠢᠬᠦ ᠠᠵᠢᠯᠯᠠᠭ᠎ᠠ ᠵᠢ ᠵᠣᠬᠢᠶᠠᠨ ᠪᠠᠢᠭᠤᠯᠪᠠ᠃ ᠡᠬᠦᠨ ᠳ᠋ᠤ᠂ ᠥᠪᠥᠷ ᠮᠣᠩᠭᠣᠯ ᠲᠤᠬᠠᠢ᠎ᠶᠢᠨ ᠲᠠᠯᠠᠪᠠᠢ ᠵᠢᠨ ᠵᠢᠭᠠᠨ ᠰᠤᠷᠭᠠᠯᠲᠠ᠎ᠶᠢᠨ ᠦᠵᠡᠭᠦᠯᠭᠡ᠎ᠳᠦ ᠳᠤᠮᠢᠯᠠᠨ ᠤᠷᠤᠯᠴᠠᠭᠤᠯᠤᠭᠰᠠᠨ 5 ᠪᠠᠭ᠍ᠰᠢ ᠳᠤᠰ ᠳᠤᠰ ᠨᠢᠭᠡᠳᠦᠭᠡᠷ ᠳᠡᠰ᠎ᠤᠨ ᠱᠠᠩᠨᠠᠯ 1᠂ ᠬᠣᠶᠠᠳᠤᠭᠠᠷ ᠳᠡᠰ᠎ᠤᠨ ᠱᠠᠩᠨᠠᠯ 1᠂ ᠭᠤᠷᠪᠠᠳᠤᠭᠠᠷ ᠳᠡᠰ᠎ᠤᠨ ᠱᠠᠩᠨᠠᠯ 2᠂ ᠰᠢᠯᠢᠳᠡᠭ ᠱᠠᠩᠨᠠᠯ 1 ᠭᠥᠷᠳᠡᠪᠡ᠃



2026 ᠣᠨ᠎ᠤ 7 ᠰᠠᠷ᠎ᠠ᠎ᠳᠤ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》  ᠵᠢ ᠵᠢᠩᠬᠢᠨᠢ᠎ᠪᠡᠷ ᠬᠡᠷᠡᠭᠵᠢᠭᠦᠯᠵᠦ᠂ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ᠎ᠨᠤᠭᠤᠳ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠱᠠᠭᠠᠷᠳᠠᠯᠭ᠎ᠠ᠎ᠶᠢ ᠰᠤᠷᠭᠠᠨ ᠬᠥᠮᠦᠵᠢᠯ᠎ᠦᠨ ᠪᠥᠬᠥ ᠶᠠᠪᠤᠴᠠ᠎ᠳᠤ ᠳᠤᠭᠤᠰᠢᠯᠠᠭᠤᠯᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ ᠲᠣᠰ ᠤᠳᠠᠭᠠᠨ᠎ᠤ ᠵᠢᠭᠠᠨ ᠰᠤᠷᠭᠠᠯᠲᠠ᠎ᠶᠢᠨ ᠦᠵᠡᠭᠦᠯᠭᠡ᠎ᠶᠢᠨ ᠠᠵᠢᠯᠯᠠᠭ᠎ᠠ᠎ᠶᠢ ᠡᠷᠭᠢᠯᠡᠬᠦ ᠪᠣᠯ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠬᠣᠯᠪᠣᠭᠳᠠᠯ ᠪᠦᠬᠦᠢ ᠲᠣᠭᠲᠠᠭᠠᠯ᠎ᠢ ᠳᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢ ᠨᠢᠭᠡ ᠴᠣᠭᠴᠠᠵᠢᠭᠤᠯᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠬᠥᠮᠦᠵᠢᠯ᠎ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃



ᠲᠣᠰ ᠤᠳᠠᠭᠠᠨ ᠎ᠤ ᠵᠢᠭᠠᠨ ᠰᠤᠷᠭᠠᠯᠲᠠ ᠎ᠶᠢᠨ ᠦᠵᠡᠭᠦᠯᠭᠡ ᠎ᠶᠢᠨ ᠠᠵᠢᠯᠯᠠᠭ᠎ᠠ᠎ᠳᠤ ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ᠎ᠶᠢᠨ ᠳᠤᠭᠤᠢᠯᠠᠩ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠳᠤᠭᠤᠢᠯᠠᠩ ᠪᠠ ᠳᠤᠮᠳᠠᠳᠤ ᠪᠠᠭ᠎ᠠ ᠰᠤᠷᠭᠠᠭᠤᠯᠢ᠎ᠶᠢᠨ ᠳᠤᠭᠤᠢᠯᠠᠩ ᠲᠣᠬᠢᠷᠠᠭᠤᠯᠵᠤ᠂ ᠸᠢᠳᠢᠣ᠋ ᠪᠡᠷ ᠰᠢᠯᠢᠨ ᠰᠣᠩᠭᠣᠬᠤ ᠪᠠ ᠲᠤᠬᠠᠢ᠎ᠶᠢᠨ ᠲᠠᠯᠠᠪᠠᠢ ᠳ᠋ᠦ ᠦᠵᠡᠭᠦᠯᠭᠡ ᠬᠢᠭᠦ ᠬᠣᠶᠠᠷ ᠭᠣᠭᠴᠣᠭ᠎ᠠ ᠬᠤᠪᠢᠶᠠᠪᠠ᠃ ᠸᠢᠳᠢᠣ᠋ ᠪᠡᠷ ᠰᠢᠯᠢᠨ ᠰᠣᠩᠭᠣᠬᠤ ᠭᠤᠬᠴᠤᠭᠠᠨ᠎ᠳᠤ᠂ ᠨᠡᠶ᠋ᠢᠲᠡ 31 ᠮᠤᠵᠢ (ᠣᠷᠣᠨ᠂ ᠬᠣᠲᠠ) ᠪᠣᠯᠣᠨ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠦᠸᠠᠨ᠎ᠤ 637 ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ 911 ᠪᠠᠭ᠍ᠰᠢ ᠨᠡᠷ᠎ᠡ ᠮᠡᠳᠡᠭᠦᠯᠦᠨ ᠣᠷᠣᠯᠴᠠᠵᠤ᠂ ᠱᠠᠲᠤ ᠱᠠᠲᠤ᠎ᠪᠠᠷ ᠰᠢᠯᠢᠨ ᠰᠣᠩᠭᠣᠬᠤ᠎ᠪᠠᠷ ᠳᠡᠮᠵᠢᠨ᠂ ᠡᠴᠦᠰ᠎ᠲᠡᠬᠡᠨ 87 ᠪᠠᠭ᠍ᠰᠢ᠎ᠶᠢ ᠲᠤᠬᠠᠢ᠎ᠶᠢᠨ ᠲᠠᠯᠠᠪᠠᠢ ᠵᠢᠨ ᠦᠵᠡᠭᠦᠯᠭᠡ ᠳ᠋ᠦ ᠤᠷᠤᠯᠴᠠᠭᠤᠯᠬᠤ ᠪᠡᠷ ᠲᠣᠭᠲᠠᠭᠠᠪᠠ᠃

ᠲᠤᠬᠠᠢ᠎ᠶᠢᠨ ᠲᠠᠯᠠᠪᠠᠢ᠎ᠶᠢᠨ ᠦᠵᠡᠭᠦᠯᠭᠡ᠎ᠳᠦ᠂ ᠪᠠᠭ᠍ᠰᠢ ᠨᠠᠷ ᠵᠢᠭᠠᠬᠤ ᠮᠠᠲᠧᠷᠢᠶᠠᠯ᠎ᠤᠨ ᠲᠣᠭᠣᠷᠢᠨ᠎ᠳᠤ ᠠᠳᠠᠯᠢ ᠪᠤᠰᠤ ᠰᠤᠷᠤᠯᠭ᠎ᠠ᠎ᠶᠢᠨ ᠱᠠᠲᠤᠨ᠎ᠤ ᠰᠤᠷᠤᠭ᠍ᠴᠢᠳ᠎ᠤᠨ ᠲᠠᠨᠢᠨ ᠮᠡᠳᠡᠬᠦᠢ ᠎ᠶᠢᠨ ᠣᠨᠴᠠᠯᠢᠭ᠋᠎ᠲᠤ ᠰᠠᠭᠤᠷᠢᠯᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠰᠢᠨ᠎ᠡ ᠰᠣᠷᠭᠣᠭ ᠲᠡᠦᠬᠡᠨ ᠮᠠᠲᠧᠷᠢᠶᠠᠯ ᠪᠣᠯᠣᠨ ᠴᠠᠭ ᠦᠶ᠎ᠡ᠎ᠶᠢᠨ ᠦᠯᠢᠭᠡᠷ ᠵᠢᠱ᠌ᠢᠶ᠎ᠡ᠎ᠶᠢ ᠭᠦᠨᠵᠡᠭᠡᠢ ᠠᠭᠤᠳᠠᠯᠵᠤ᠂ ᠰᠤᠷᠤᠭ᠍ᠴᠢᠳ᠎ᠤᠨ ᠵᠥᠪ ᠣᠨᠣᠪᠴᠢᠲᠠᠢ ᠤᠯᠤᠰ᠎ᠤᠨ ᠦᠵᠡᠯᠲᠡ᠂ ᠲᠡᠦᠬᠡ᠎ᠶᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ᠎ᠶᠢ ᠪᠠᠳᠤ ᠪᠤᠢ ᠪᠣᠯᠭᠠᠬᠤ ᠵᠢ ᠬᠦᠳᠦᠯᠤᠨ ᠵᠢᠯᠤᠭᠤᠳᠪᠠ᠃

ᠢᠷᠡᠯᠲᠡ᠄ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ ᠵᠦᠪᠯᠡᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠦᠪᠯᠡᠯ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面