ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-11-03 16:12:38

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠣᠶ᠋ᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠡᠴᠡ ᠣᠶ᠋ᠢᠯᠠᠭᠠᠭᠰᠠᠨ᠎ᠢᠶᠠᠷ᠂ ᠪᠡᠭᠡᠵᠢᠩ ᠥᠪᠥᠷ ᠮᠣᠩᠭᠣᠯ᠎ᠤᠨ ᠡᠨᠧᠷᠭᠢ᠎ᠶᠢᠨ ᠬᠠᠮᠵᠢᠯᠴᠠᠭ᠎ᠠ᠎ᠶᠢᠨ ᠭᠦᠨᠵᠡᠭᠡᠶ ᠥᠷᠨᠢᠬᠦ᠌᠎ᠶᠢ ᠳᠠᠭᠠᠯᠳᠤᠨ᠂ ᠥᠪᠥᠷ ᠮᠣᠩᠭᠣᠯ᠎ᠤᠨ ᠪᠡᠭᠡᠵᠢᠩ᠎ᠳᠦ ᠬᠦᠷᠭᠡᠬᠦ᠌ ᠴᠠᠬᠢᠯᠭᠠᠨ ᠬᠦᠴᠦᠨ᠎ᠦ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠵᠦ᠍᠂ 1000 ᠺᠢᠯᠦᠸᠠᠲ᠎ᠤᠨ ᠬᠤᠪᠢᠰᠤᠮᠠᠯ ᠭᠥᠶᠥᠳᠡᠯᠳᠦ ᠣᠨᠴᠠ ᠥᠨᠳᠥᠷ ᠬᠦᠴᠦᠳᠡᠯᠲᠦ᠍ ᠴᠠᠬᠢᠯᠭᠠᠨ᠂ 500 ᠺᠢᠯᠦᠸᠠᠲ᠎ᠤᠨ《ᠴᠡᠭ ᠡᠴᠡ ᠲᠤᠤᠷ》᠂ 《ᠲᠤᠤᠷ᠎ᠡᠴᠡ ᠲᠤᠤᠷ》 ᠵᠡᠷᠭᠡ ᠣᠯᠠᠨ ᠵᠤᠷᠪᠤᠰ᠎ᠢᠶᠠᠷ ᠪᠡᠭᠡᠵᠢᠩ᠎ᠳᠦ ᠬᠦᠷᠭᠡᠬᠦ᠌ ᠴᠠᠬᠢᠯᠭᠠᠨ ᠬᠦᠴᠦᠨ᠎ᠦ ᠨᠡᠪᠲᠡᠷᠡᠬᠦ᠌ ᠵᠠᠮ᠎ᠢ ᠪᠠᠶ᠋ᠢᠭᠤᠯᠵᠤ᠂ ᠶᠡᠷᠦᠩᠬᠡᠶ ᠴᠠᠬᠢᠯᠭᠠᠨ ᠬᠦᠷᠭᠡᠬᠦ᠌ ᠴᠢᠳᠠᠪᠤᠷᠢ᠎ᠨᠢ ᠪᠠᠷᠤᠭ 2400 ᠲᠦᠮᠡᠨ ᠺᠢᠯᠦᠸᠠᠲ᠎ᠲᠤ᠌ ᠬᠦᠷᠴᠡᠶ᠃



10 ᠰᠠᠷ᠎ᠠ᠎ᠶᠢᠨ 28 ᠎ᠤ ᠡᠳᠦᠷ᠂ ᠥᠪᠥᠷ ᠮᠣᠩᠭᠣᠯ᠎ᠤᠨ ᠤᠯᠠᠭᠠᠨᠴᠠᠪ ᠬᠣᠲᠠ᠎ᠶᠢᠨ 150 ᠲᠦᠮᠡᠨ ᠺᠢᠯᠦᠸᠠᠲ᠎ᠤᠨ 《ᠰᠠᠯᠬᠢ ᠬᠡᠷᠡᠯ ᠢᠯᠴᠢ ᠨᠥᠭᠡᠴᠡ᠎ᠶᠢ ᠨᠢᠭᠡ ᠴᠣᠭᠴᠠᠵᠢᠭᠤᠯᠬᠤ》 ᠲᠣᠮᠣ ᠬᠡᠯᠪᠡᠷᠢ᠎ᠶᠢᠨ ᠰᠠᠯᠬᠢᠨ ᠬᠦᠴᠦ ᠪᠡᠷ ᠴᠠᠬᠢᠯᠭᠠᠨ᠎ᠭᠠᠷᠭᠠᠬᠤ ᠬᠡᠷᠡᠯᠴᠢ ᠴᠡᠨᠡᠭ᠎ᠦᠨ ᠰᠠᠭᠤᠷᠢᠨ᠎ᠤ ᠲᠥᠷᠥᠯ ᠵᠦᠢᠯ ᠠᠵᠢᠯ ᠡᠬᠢᠯᠡᠪᠡ᠃ ᠡᠨᠡ ᠬᠦ᠌ ᠲᠥᠷᠥᠯ ᠵᠦᠢᠯ ᠪᠣᠯ ᠪᠡᠭᠡᠵᠢᠩ ᠥᠪᠥᠷ ᠮᠣᠩᠭᠣᠯ᠎ᠤᠨ ᠡᠨᠧᠷᠭᠢ᠎ᠶᠢᠨ ᠬᠠᠮᠵᠢᠯᠴᠠᠭ᠎ᠠ᠎ᠶᠢ ᠭᠦᠨᠵᠡᠭᠡᠶ᠋ᠢᠷᠡᠭᠦᠯᠵᠦ᠍᠂《ᠪᠤᠭᠢᠷᠳᠤᠯ ᠦᠭᠡᠢ ᠴᠠᠬᠢᠯᠭᠠᠨ᠎ᠢ ᠪᠡᠭᠡᠵᠢᠩ᠎ᠳᠦ ᠣᠷᠣᠭᠤᠯᠬᠤ》ᠪᠠᠶ᠋ᠢᠯᠳᠤᠬᠤ ᠪᠣᠳᠣᠯᠭ᠎ᠠ᠎ᠶᠢ ᠨᠠᠶ᠋ᠢᠳᠠᠪᠤᠷᠢᠵᠢᠭᠤᠯᠬᠤ ᠭᠤᠤᠯᠳᠠᠯᠭ᠎ᠠ᠎ᠲᠠᠶ ᠲᠥᠷᠥᠯ ᠵᠦᠢᠯ ᠪᠣᠯᠤᠨ᠎ᠠ᠂ ᠪᠠᠶ᠋ᠢᠭᠤᠯᠵᠤ ᠳᠠᠭᠤᠰᠬᠠᠭᠠᠳ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ ᠵᠢᠯ ᠪᠦᠷᠢ ᠪᠡᠭᠡᠵᠢᠩ ᠲᠢᠶᠠᠨᠵᠢᠨ ᠾᠧᠪᠧᠶ᠎ᠳ᠋ᠤ᠌ ᠪᠠᠷᠤᠭ 29 ᠳ᠋ᠦᠩᠰᠢᠭᠤᠷ ᠺᠢᠯᠦᠸᠠᠲ ᠪᠤᠭᠢᠷᠳᠤᠯ ᠦᠭᠡᠢ ᠴᠠᠬᠢᠯᠭᠠᠨ ᠬᠦᠷᠭᠡᠵᠦ᠍ ᠪᠣᠯᠤᠨ᠎ᠠ᠃

ᠣᠳᠣᠬᠠᠨ ᠳ᠋ᠦ᠂ ᠥᠪᠥᠷ ᠮᠣᠩᠭᠣᠯ᠎ᠤᠨ ᠰᠢᠯᠢ᠎ᠶᠢᠨ ᠭᠤᠤᠯ᠎ᠤᠨ ᠱᠠᠡᠭᠳᠦ ᠰᠢᠨ᠎ᠡ ᠡᠨᠧᠷᠭᠢ᠎ᠶᠢ ᠭᠠᠳᠠᠭᠰᠢ ᠬᠦᠷᠭᠡᠬᠦ᠌ ᠰᠠᠭᠤᠷᠢᠨ᠎ᠤ ᠨᠡᠮᠡᠭᠳᠡᠯ ᠬᠡᠮᠵᠢᠶ᠎ᠡ 100 ᠲᠦᠮᠡᠨ ᠺᠢᠯᠦᠸᠠᠲ᠎ᠤᠨ ᠰᠠᠯᠬᠢᠨ ᠬᠦᠴᠦ ᠪᠡᠷ ᠴᠠᠬᠢᠯᠭᠠᠨ᠎ᠭᠠᠷᠭᠠᠬᠤ ᠲᠥᠷᠥᠯ ᠵᠦᠢᠯ᠎ᠢ ᠨᠢᠭᠡᠨᠲᠡ ᠠᠵᠢᠯ ᠡᠬᠢᠯᠡᠭᠦᠯᠦᠨ ᠪᠥᠲᠥᠭᠡᠨ ᠪᠠᠶ᠋ᠢᠭᠤᠯᠵᠤ᠂ ᠣᠷᠳᠣᠰ᠎ᠦᠪᠦᠷ ᠮᠤᠩᠭᠤᠯ᠎ᠤᠨ ᠪᠠᠷᠠᠭᠤᠨ ᠬᠡᠰᠡᠭ᠎ᠤᠨ ᠲᠣᠭᠲᠠᠬᠤ ᠵᠢᠨ ᠬᠣᠶᠠᠳᠤᠭᠠᠷ ᠬᠤᠭᠤᠴᠠᠭᠠᠨ᠎ᠤ 150 ᠲᠦᠮᠡᠨ ᠺᠢᠯᠦᠸᠠᠲ᠎ᠤᠨ ᠬᠡᠷᠡᠯᠴᠢ ᠴᠡᠨᠡᠭ᠎ᠢᠶᠡᠷ ᠡᠯᠡᠰᠦ᠎ᠶᠢ ᠵᠠᠰᠠᠬᠤ ᠲᠥᠷᠥᠯ ᠵᠦᠢᠯ᠎ᠢ ᠣᠶ᠋ᠢᠷ᠎ᠠ᠎ᠳᠤ ᠠᠵᠢᠯ ᠡᠬᠢᠯᠡᠭᠦᠯᠬᠦ᠌᠎ᠪᠡᠷ ᠲᠥᠯᠥᠪᠯᠡᠵᠦ᠍ ᠪᠣᠶ᠃ ᠵᠢᠱ᠌ᠢᠯᠲᠡ᠎ᠪᠡᠷ 2027 ᠣᠨ᠎ᠤ ᠡᠴᠦᠰ ᠪᠣᠯᠬᠤ᠎ᠳᠤ᠂ ᠥᠪᠥᠷ ᠮᠣᠩᠭᠣᠯ ᠵᠢᠯ ᠪᠦᠷᠢ ᠪᠡᠭᠡᠵᠢᠩ ᠣᠷᠣᠨ᠎ᠳᠤ 240 ᠳ᠋ᠦᠩᠰᠢᠭᠤᠷ ᠺᠢᠯᠦᠸᠠᠲ ᠪᠤᠭᠢᠷᠳᠤᠯ ᠦᠭᠡᠢ ᠴᠠᠬᠢᠯᠭᠠᠨ ᠬᠦᠷᠭᠡᠵᠦ᠍ ᠪᠣᠯᠤᠨ᠎ᠠ᠃

ᠥᠪᠥᠷ ᠮᠣᠩᠭᠣᠯ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ᠎ᠤ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢ ᠲᠣᠭᠲᠠᠭᠠᠯᠲᠠ᠎ᠳᠤ ᠰᠠᠭᠤᠷᠢᠯᠠᠨ᠂ ᠪᠡᠭᠡᠵᠢᠩ᠎ᠯᠦᠭᠡ᠎ᠵᠢᠨ ᠡᠨᠧᠷᠭᠢ᠎ᠶᠢᠨ ᠬᠠᠮᠲᠤᠷᠠᠯᠴᠠᠭ᠎ᠠ᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠭᠠᠳᠠᠭᠰᠢ ᠬᠦᠷᠭᠡᠬᠦ᠌ ᠪᠣᠬᠢᠷᠲᠤᠯ ᠥᠬᠡᠶ ᠴᠠᠬᠢᠯᠭᠠᠨ᠎ᠤ ᠬᠡᠪᠴᠢᠶ᠎ᠡ᠎ᠶᠢ ᠦᠷᠭᠦᠯᠵᠢᠯᠡᠨ ᠥᠷᠭᠡᠳᠬᠡᠵᠦ᠍᠂ ᠲᠠᠭ᠎ᠠ᠎ᠶᠢᠨ ᠨᠠᠭᠤᠷ — ᠱᠦᠨ  ᠢ᠂ ᠵᠢᠩ ᠯᠦᠩ — ᠹᠠᠩ ᠱᠠᠨ ᠵᠡᠷᠭᠡ 4 ᠵᠤᠷᠪᠤᠰ 《ᠴᠡᠭ᠎ᠡᠴᠡ ᠲᠤᠤᠷ》 ᠎ᠤᠨ ᠭᠠᠳᠠᠭᠰᠢ ᠬᠦᠷᠭᠡᠬᠦ᠌ ᠱᠤᠭᠤᠮ᠎ᠢᠶᠠᠷ ᠳᠠᠮᠵᠢᠭᠤᠯᠤᠨ ᠦᠷᠭᠦᠯᠵᠢᠯᠡᠨ ᠪᠣᠬᠢᠷᠲᠤᠯ ᠥᠬᠡᠶ ᠴᠠᠬᠢᠯᠭᠠᠨ ᠬᠦᠷᠭᠡᠵᠦ᠍᠂ ᠵᠢᠯ ᠪᠦᠷᠢ 150 ᠳ᠋ᠦᠩᠰᠢᠭᠤᠷ ᠺᠢᠯᠦᠸᠠᠲ ᠴᠠᠭ᠎ᠢ ᠳᠠᠪᠠᠪᠠ᠃

ᠥᠪᠥᠷ ᠮᠣᠩᠭᠣᠯ ᠪᠡᠭᠡᠵᠢᠩ ᠣᠷᠣᠨ᠎ᠤ ᠪᠣᠬᠢᠷᠲᠤᠯ ᠥᠬᠡᠶ ᠡᠨᠧᠷᠭᠢ ᠬᠡᠷᠡᠭᠯᠡᠬᠦ᠌ ᠬᠡᠷᠡᠭᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠡᠭᠡᠵᠢᠩ᠎ᠦᠨ ᠴᠢᠨᠠᠷ ᠰᠠᠶ᠋ᠢᠲᠠᠶ ᠠᠵᠤ ᠠᠬᠤᠶ᠋ᠢᠯᠠᠯ᠎ᠤᠨ ᠥᠪᠥᠷ ᠮᠣᠩᠭᠣᠯ᠎ᠤᠨ ᠰᠢᠨ᠎ᠡ ᠡᠨᠧᠷᠭᠢ᠎ᠶᠢᠨ ᠨᠡᠭᠡᠭᠡᠨ ᠬᠥᠭᠵᠢᠭᠦᠯᠦᠯᠲᠡ᠎ᠳᠦ ᠣᠷᠣᠯᠴᠠᠬᠤ᠎ᠶᠢ ᠳᠡᠮᠵᠢᠵᠦ᠍ ᠪᠣᠶ᠃ ᠵᠢᠩ ᠨᠧᠩ᠂ ᠵᠢᠩ ᠳ᠋ᠦᠩ ᠹᠠᠩ᠂ ᠵᠢᠩ ᠶᠦᠨ ᠲᠦᠩ ᠵᠡᠷᠭᠡ ᠭᠣᠣᠯᠳᠠᠯᠭ᠎ᠠ᠎ᠲᠠᠶ ᠠᠵᠤ ᠠᠬᠤᠶ᠋ᠢᠯᠠᠯ᠎ᠤᠳ ᠥᠪᠥᠷ ᠮᠣᠩᠭᠣᠯ᠎ᠳᠤ ᠰᠢᠨ᠎ᠡ ᠡᠨᠧᠷᠭᠢ᠎ᠶᠢᠨ ᠨᠢᠭᠡ ᠪᠦᠯᠦᠭ ᠲᠥᠷᠥᠯ ᠵᠦᠢᠯ᠎ᠢ ᠪᠠᠶ᠋ᠢᠷᠢᠯᠠᠭᠤᠯᠤᠨ ᠪᠦᠲᠦᠭᠡᠨ ᠪᠠᠶ᠋ᠢᠭᠤᠯᠵᠤ᠂ ᠪᠠᠶ᠋ᠢᠭᠤᠯᠵᠤ ᠳᠠᠭᠤᠰᠤᠭᠰᠠᠨ ᠬᠡᠪᠴᠢᠶ᠎ᠡ ᠨᠡᠶ᠋ᠢᠲᠡ 1000 ᠲᠦᠮᠡᠨ ᠺᠢᠯᠦᠸᠠᠲ᠎ᠢ ᠳᠠᠪᠠᠵᠤ᠂ ᠪᠠᠶ᠋ᠢᠭᠤᠯᠵᠤ ᠪᠠᠶ᠋ᠢᠭ᠎ᠠ ᠪᠠ ᠪᠠᠶ᠋ᠢᠭᠤᠯᠬᠤ ᠭᠡᠵᠦ᠍ ᠪᠠᠶ᠋ᠢᠭ᠎ᠠ ᠬᠡᠪᠴᠢᠶ᠎ᠡ 500 ᠲᠦᠮᠡᠨ ᠺᠢᠯᠦᠸᠠᠲ᠎ᠢ ᠳᠠᠪᠠᠵᠤ᠂ ᠪᠡᠭᠡᠵᠢᠩ᠎ᠳᠦ ᠪᠣᠬᠢᠷᠲᠤᠯ ᠦᠭᠡᠶ ᠴᠠᠬᠢᠯᠭᠠᠨ᠎ᠢ ᠶᠡᠬᠡ ᠬᠡᠪᠴᠢᠶ᠎ᠡ᠎ᠪᠡᠷ ᠬᠦᠷᠭᠡᠬᠦ᠌᠎ᠳᠦ ᠪᠠᠲᠤ᠌ ᠪᠡᠬᠢ ᠠᠵᠤ ᠦᠢᠯᠡᠰ᠎ᠦᠨ ᠰᠠᠭᠤᠷᠢ᠎ᠶᠢ ᠲᠠᠯᠪᠢᠵᠦ ᠪᠠᠶ᠋ᠢᠨ᠎ᠠ᠃

ᠢᠷᠡᠯᠳᠠ᠄ ᠰᠢᠨᠬᠤᠸᠠ ᠰᠦᠯᠵᠢᠶ᠎ᠠ ᠵᠢᠨ ᠦᠪᠦᠷ ᠮᠤᠡᠭᠭᠤᠯ ᠰᠤᠪᠠᠭ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面