ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-11-04 18:27:40

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢ᠎ᠶᠢᠨ ᠭᠣᠣᠯ ᠠᠢᠮᠠᠭ᠎ᠤᠨ ᠰᠥᠨᠢᠳ ᠵᠡᠭᠦᠨ ᠬᠣᠰᠢᠭᠤᠨ᠎ᠤ A1 ᠲᠠᠰ᠎ᠤᠨ ᠨᠡᠢᠳᠡᠮ ᠬᠡᠷᠡᠭᠯᠡᠭᠡᠨ᠎ᠦ ᠨᠢᠰᠬᠡᠯ᠎ᠦᠨ ᠪᠠᠭᠤᠳᠠᠯ᠎ᠤᠨ ᠲᠠᠯᠠᠪᠤᠷ ᠵᠠᠮ᠎ᠤᠨ ᠪᠠᠷᠢᠯᠭ᠎ᠠ᠎ᠶᠢᠨ ᠠᠵᠢᠯ ᠳᠠᠭᠤᠰᠴᠤ ᠰᠢᠯᠭᠠᠨ ᠠᠪᠬᠤ ᠠᠵᠢᠯ ᠎ᠢ ᠠᠮᠵᠢᠯᠳᠠ ᠳᠠᠢ ᠦᠨᠭᠭᠡᠷᠡᠭᠡᠨ᠂ ᠨᠢᠰᠦᠯᠲᠡ ᠎ᠶᠢᠨ ᠠᠭᠠᠷ᠎ᠤᠨ ᠣᠷᠣᠨ᠎ᠤ ᠭᠤᠶᠤᠴᠢᠯᠠᠯ ᠨᠢ ᠨᠢᠭᠡᠨᠲᠡ ᠵᠦᠪᠰᠢᠶᠡᠷᠡᠭᠳᠡᠵᠤ᠂ ᠲᠥᠷᠥᠯ ᠵᠦᠢᠯ᠎ᠢ 11 ᠰᠠᠷ᠎ᠠ᠎ᠶᠢᠨ ᠳᠤᠮᠳᠠᠴᠢ᠎ᠪᠠᠷ ᠪᠦᠬᠦᠯᠢ ᠴᠣᠭᠴᠠ᠎ᠪᠠᠷ ᠨᠢ ᠪᠠᠷᠢᠯᠭ᠎ᠠ ᠳᠠᠭᠤᠰᠬᠠᠬᠤ᠎ᠪᠠᠷ ᠲᠥᠯᠥᠪᠯᠡᠵᠦ ᠪᠣᠶ᠃



ᠰᠥᠨᠢᠳ ᠵᠡᠭᠦᠨ ᠬᠣᠰᠢᠭᠤᠨ᠎ᠤ ᠨᠡᠢᠳᠡᠮ ᠬᠡᠷᠡᠭᠯᠡᠭᠡᠨ᠎ᠦ ᠨᠢᠰᠬᠡᠯ᠎ᠦᠨ ᠪᠠᠭᠤᠳᠠᠯ ᠮᠠᠨᠳᠤᠯᠲᠤ ᠪᠠᠯᠭᠠᠰᠤᠨ᠎ᠤ ᠪᠠᠷᠠᠭᠤᠨ ᠬᠣᠢᠲᠤ ᠲᠠᠯ᠎ᠠ᠎ᠳᠤ ᠪᠠᠢᠷᠢᠯᠠᠵᠤ᠂ ᠬᠣᠰᠢᠭᠤᠨ᠎ᠤ ᠵᠠᠰᠠᠭ᠎ᠤᠨ ᠣᠷᠳᠣᠨ ᠠ᠋ᠴᠠ 9.9 ᠺᠢᠯᠣᠮᠧᠲᠷ ᠵᠠᠢᠲᠠᠢ ᠪᠠᠢᠵᠤ᠂ 2B ᠵᠡᠷᠭᠡ ᠲᠡᠰ᠎ᠤᠨ A1 ᠲᠠᠰ᠎ᠤᠨ ᠨᠡᠢᠳᠡᠮ ᠬᠡᠷᠡᠭᠯᠡᠭᠡᠨ᠎ᠦ ᠨᠢᠰᠬᠡᠯ᠎ᠦᠨ ᠪᠠᠭᠤᠳᠠᠯ ᠪᠣᠯᠣᠨ᠎ᠠ᠃ ᠨᠢᠰᠬᠡᠯ᠎ᠤᠨ ᠪᠠᠭᠤᠳᠠᠯ ᠎ᠳᠤ 1200 ᠮᠸᠲᠷ× 23 ᠮᠸᠲᠷ᠎ᠤᠨ ᠱᠦᠢᠨᠢ ᠪᠸᠲ᠋ᠣᠨ ᠭᠦᠶᠦᠯᠲᠡ᠎ᠶᠢᠨ ᠵᠠᠮ᠎ᠢ ᠪᠠᠢᠭᠤᠯᠵᠤ᠂ ᠬᠣᠯᠪᠣᠭ᠎ᠠ ᠠᠪᠬᠤ ᠵᠠᠮ ᠎ᠢ ᠢᠵᠢ ᠪᠦᠷᠢᠳᠦᠭᠦᠯᠦᠨ᠂ ᠬᠤᠶᠠᠷ B ᠲᠥᠷᠥᠯ ᠎ᠤᠨ ᠨᠢᠰᠬᠡᠯ ᠎ᠤᠨ ᠪᠠᠢᠷᠢ ᠲᠣᠬᠢᠷᠠᠭᠤᠯᠵᠤ᠂ PC-12᠂ ᠰᠸᠰᠨᠠ 208 ᠵᠡᠷᠭᠡ ᠭᠣᠣᠯ ᠠᠶᠠᠯᠠᠯ ᠨᠡᠪᠲᠡᠷᠡᠬᠦ ᠨᠢᠰᠬᠡᠯ᠎ᠤᠨ ᠬᠡᠯᠪᠡᠷᠢ᠎ᠶᠢ ᠵᠣᠭᠰᠣᠭᠠᠵᠤ ᠪᠤᠯᠬᠤ ᠪᠡᠷ ᠪᠠᠷᠠᠬᠤ ᠦᠭᠡᠢ ᠤᠯᠠᠨ ᠨᠢᠰᠬᠡᠯ᠎ᠤᠨ ᠬᠡᠯᠪᠡᠷᠢ᠎ᠶᠢᠨ ᠨᠢᠰᠴᠦ ᠪᠠᠭᠤᠬᠤ᠂ ᠵᠤᠭᠰᠤᠭᠠᠵᠤ ᠶᠠᠪᠤᠭᠤᠯᠬᠤ ᠪᠠᠲᠤᠯᠠᠭ᠎ᠠ᠎ᠶᠢᠨ ᠬᠡᠷᠡᠭᠴᠡᠭᠡ ᠱᠠᠭᠠᠷᠳᠠᠯᠭ᠎ᠠ᠎ᠶᠢ ᠭᠦᠢᠴᠡᠳ ᠬᠠᠩᠭᠠᠵᠤ ᠲᠡᠢᠯᠦᠨ᠎ᠡ᠃



ᠠᠭᠠᠷ᠎ᠤᠨ ᠠᠶᠠᠯᠠᠯ᠎ᠤᠨ ᠥᠷᠲᠡᠭᠡᠨ᠎ᠦ ᠲᠣᠭᠣᠷᠢᠭ᠋᠎ᠲᠤ ᠶᠡᠷᠦᠩᠬᠡᠢᠯᠡᠭᠰᠡᠨ ᠲᠤᠬᠠᠢᠯᠠᠭᠰᠠᠨ ᠠᠵᠢᠯ᠎ᠳᠤ ᠬᠡᠷᠡᠭᠯᠡᠬᠦ ᠭᠡᠷ ᠪᠠᠢᠰᠢᠩ᠂ ᠬᠥᠳᠡᠯᠭᠡᠬᠦ ᠬᠦᠴᠦᠨ᠎ᠦ ᠲᠥᠪ᠂ ᠠᠮᠢᠳᠤᠷᠠᠯ᠎ᠤᠨ ᠲᠤᠰᠠᠯᠠᠬᠤ ᠭᠡᠷ ᠪᠠᠢᠰᠢᠩ᠂ ᠶᠡᠷᠦᠩᠬᠡᠢᠯᠡᠭᠰᠡᠨ ᠲᠡᠷᠭᠡᠨ ᠬᠥᠮᠥᠷᠭᠡ᠎ᠶᠢ ᠵᠡᠷᠭᠡᠪᠡᠷ ᠪᠠᠢᠭᠤᠯᠵᠤ᠂ ᠠᠵᠢᠯᠯᠠᠬᠤ᠂ ᠢᠳᠡᠵᠦ ᠤᠤᠭᠤᠵᠤ ᠬᠣᠨᠣᠵᠤ ᠬᠡᠪᠲᠡᠬᠦ ᠵᠡᠷᠭᠡ ᠠᠷᠤ ᠲᠠᠯ᠎ᠠ᠎ᠶᠢᠨ ᠦᠢᠯᠡᠴᠢᠯᠡᠭᠡᠨ᠎ᠦ ᠪᠠᠲᠤᠯᠠᠭ᠎ᠠ᠎ᠶᠢᠨ ᠴᠢᠳᠠᠮᠵᠢ᠎ᠶᠢ ᠪᠦᠷᠢᠨ ᠲᠣᠬᠢᠷᠠᠭᠤᠯᠪᠠ; ᠰᠢᠪᠠᠭᠤ ᠬᠥᠭᠡᠭᠡᠵᠦ ᠲᠠᠯᠠᠪᠤᠷ ᠴᠠᠭᠳᠠᠬᠤ ᠲᠡᠷᠭᠡ᠂ ᠴᠠᠬᠢᠯᠭᠠᠨ ᠡᠭᠦᠰᠬᠡᠭᠴᠢ᠎ᠶᠢᠨ ᠲᠡᠷᠭᠡ᠂ ᠠᠭᠠᠷ ᠴᠡᠪᠡᠷᠰᠢᠭᠦᠯᠬᠦ ᠲᠣᠭᠣᠷᠢᠨ ᠪᠠᠢᠴᠠᠭᠠᠬᠤ ᠲᠡᠷᠭᠡ᠂ ᠮᠠᠰᠢᠨ ᠴᠣᠭᠴᠠᠯᠠᠪᠤᠷᠢ᠎ᠶᠢᠨ ᠪᠠᠲᠤᠯᠠᠭ᠎ᠠ᠎ᠶᠢᠨ ᠲᠡᠷᠭᠡ᠂ ᠭᠠᠯ ᠤᠨᠲᠠᠷᠠᠭᠠᠬᠤ ᠲᠡᠷᠭᠡ ᠵᠡᠷᠭᠡ ᠲᠤᠰᠬᠠᠢ ᠮᠡᠷᠭᠡᠵᠢᠯ᠎ᠦᠨ ᠣᠨᠴᠠ ᠲᠦᠷᠦᠯ᠎ᠦᠨ ᠲᠡᠷᠭᠡ ᠬᠥᠰᠬᠡ᠎ᠶᠢ ᠪᠦᠷᠢᠨ ᠲᠣᠬᠢᠷᠠᠭᠤᠯᠵᠤ᠂ ᠭᠠᠵᠠᠷ ᠳᠡᠭᠡᠷᠡᠬᠢ ᠪᠠᠲᠤᠯᠠᠭ᠎ᠠ᠎ᠶᠢᠨ ᠪᠦᠬᠦ ᠬᠡᠯᠬᠢᠶ᠎ᠡ᠎ᠶᠢᠨ ᠰᠢᠰᠲᠧᠮ᠎ᠢ ᠪᠠᠢᠭᠤᠯᠪᠠ᠃

 ᠢᠷᠡᠯᠳᠡ᠄ ᠬᠦᠬᠡᠬᠤᠳᠠ ᠵᠢᠨ ᠬᠠᠮ ᠵᠠᠭᠤᠴᠢᠯᠠᠭᠤᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面