ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-11-10 09:03:43

ᠵᠣᠬᠢᠶᠠᠭ᠍ᠴᠢ᠄ ᠰᠠᠴᠤᠷᠠᠯ ᠣᠩᠱᠢᠭ᠍ᠰᠠᠨ ᠣᠳᠠᠭ᠎ᠠ᠄ 3

2026 ᠤᠨ᠎ᠤ 11 ᠰᠠᠷ᠎ᠠ ᠶ᠋ᠢᠨ 9 ᠤ᠋ ᠡᠳᠦᠷ ᠪᠣᠯ 35 ᠳ᠋ᠡᠬᠢ ᠪᠦᠬᠦ ᠤᠯᠤᠰ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠤᠬᠠᠭᠤᠯᠭ᠎ᠠ᠎ᠵᠢᠨ ᠡᠳᠦᠷ ᠪᠤᠯᠤᠨ᠎ᠠ᠃ 11 ᠰᠠᠷ᠎ᠠ᠎ᠶᠢᠨ 6᠎ᠤ ᠡᠳᠦᠷ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ ᠬᠦᠬᠡᠬᠤᠲᠠ᠎ᠳᠤ 《ᠪᠦᠬᠦ ᠠᠷᠠᠳ᠎ᠢᠶᠠᠷ᠎ᠢᠶᠠᠨ ᠭᠠᠯ ᠰᠡᠷᠬᠡᠢᠯᠡᠵᠦ ᠭᠠᠯ ᠤᠨᠲᠠᠷᠠᠭᠠᠵᠤ᠂ ᠠᠮᠢ ᠨᠠᠰᠤ ᠶ᠋ᠢ ᠳᠡᠭᠡᠳᠦᠯᠡᠶ᠎ᠠ — ᠥᠪᠡᠷ ᠵᠢᠡᠨ ᠰᠡᠷᠭᠡᠢᠯᠡᠵᠦ ᠥᠪᠡᠷ ᠢ᠋᠎ᠪᠡᠨ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠬᠦ》 ᠭᠤᠤᠯ ᠰᠡᠳᠦᠪᠲᠦ ᠰᠤᠷᠪᠤᠯᠵᠢᠯᠠᠬᠴᠢᠳ ᠲᠠᠢ ᠠᠭᠤᠯᠵᠠᠬᠤ  ᠬᠤᠷᠠᠯ ᠬᠢᠵᠦ᠂ ᠪᠦᠬᠦ ᠤᠷᠤᠨ᠎ᠤ ᠭᠠᠯ ᠰᠡᠷᠬᠡᠢᠯᠡᠵᠦ ᠭᠠᠯ ᠤᠨᠲᠠᠷᠠᠭᠠᠬᠤ ᠤᠬᠠᠭᠤᠯᠭ᠎ᠠ᠎ᠶᠢᠨ ᠰᠠᠷ᠎ᠠ᠎ᠶᠢᠨ ᠠᠵᠢᠯ᠎ᠤᠨ ᠲᠦᠰᠦᠯ᠎ᠢ ᠮᠡᠳᠡᠭᠳᠡᠪᠡ᠃



ᠲᠠᠨᠢᠯᠴᠠᠭᠤᠯᠤᠬᠰᠠᠨ ᠵᠢᠡᠷ᠂ 《ᠪᠥᠬᠥ ᠠᠷᠠᠳ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠬᠡᠪ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ᠎ᠶᠢᠨ ᠠᠵᠢᠯ᠎ᠤᠨ ᠲᠥᠰᠥᠯ》 ᠲᠠᠢ ᠤᠶᠠᠯᠳᠤᠭᠤᠯᠤᠨ᠂ ᠮᠠᠨ᠎ᠤ ᠣᠷᠣᠨ᠎ᠤ ᠭᠠᠵᠠᠷ ᠨᠤᠲᠤᠭ ᠥᠷᠭᠡᠨ ᠠᠭᠤᠳᠠᠮ᠂ ᠡᠪᠦᠯ᠎ᠦᠨ ᠤᠯᠠᠷᠢᠯ᠎ᠬᠠᠬᠢᠷ ᠬᠦᠢᠲᠡᠨ ᠭᠠᠩ ᠬᠠᠭᠤᠷᠠᠢ᠂ ᠣᠯᠠᠨ ᠲᠦᠮᠡᠨ᠎ᠦ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠦᠵᠡᠯ ᠤᠬᠠᠮᠰᠠᠷ ᠪᠠᠭᠤᠷᠠᠢ ᠪᠠᠢᠬᠤ ᠪᠣᠳᠠᠲᠤ ᠪᠠᠢᠳᠠᠯ᠎ᠳᠤ ᠰᠠᠭᠤᠷᠢᠯᠠᠨ᠂  ᠪᠦᠬᠦ ᠤᠷᠤᠨ᠎ᠳᠦ ᠭᠠᠯ ᠰᠡᠷᠬᠡᠢᠯᠡᠵᠦ ᠭᠠᠯ ᠤᠨᠲᠠᠷᠠᠭᠠᠬᠤ ᠮᠡᠳᠡᠯᠭᠡ᠎ᠶᠢ ᠲᠦᠭᠡᠮᠡᠯᠵᠢᠭᠦᠯᠬᠦ᠂ ᠠᠮᠤᠷ ᠲᠦᠪᠰᠢᠨ᠎ᠦ ᠳᠠᠯᠳᠠ ᠬᠡᠮ᠎ᠢ ᠵᠢᠭ᠍ᠰᠠᠭᠠᠨ ᠪᠠᠢᠴᠠᠭᠠᠬᠤ᠂ ᠪᠥᠬᠥ ᠠᠷᠠᠳ᠎ᠤᠨ ᠠᠶᠤᠯ ᠠ᠋ᠴᠠ ᠵᠠᠢᠯᠠᠵᠤ ᠥᠪᠡᠷ᠎ᠢ᠎ᠪᠡᠨ ᠠᠪᠤᠷᠠᠬᠤ ᠴᠢᠳᠠᠪᠤᠷᠢ᠎ᠶᠢ ᠳᠡᠭᠡᠭᠰᠢᠯᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠭᠤᠯᠭ᠎ᠠ᠎ᠪᠠᠷ ᠪᠠᠶᠠᠯᠢᠭ᠋᠂ ᠬᠡᠯᠪᠡᠷᠢ ᠮᠠᠶᠢᠭ᠋᠎ᠢᠶᠠᠷ ᠣᠯᠠᠨ ᠶᠠᠩᠵᠤ᠎ᠶᠢᠨ᠂ ᠣᠯᠠᠨ ᠲᠦᠮᠡᠨ᠎ᠲᠠᠢ ᠣᠢᠷᠠᠲᠤᠭᠰᠠᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶᠢ ᠲᠥᠪᠯᠡᠷᠡᠭᠦᠯᠦᠨ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠪᠤᠲᠠᠳᠦ ᠴᠤᠬᠴᠠ ᠬᠣᠯᠪᠤᠭᠠᠯᠠᠨ ᠬᠥᠳᠡᠯᠦᠯᠴᠡᠵᠦ᠂ ᠪᠥᠬᠥ ᠣᠷᠣᠨ ᠪᠦᠰᠡ᠎ᠶᠢ ᠬᠠᠮᠤᠷᠤᠬᠰᠠᠨ᠂ ᠪᠥᠬᠥ ᠠᠷᠠᠳ᠎ᠢᠶᠠᠷ᠎ᠢᠶᠠᠨ ᠣᠷᠣᠯᠴᠠᠬᠰᠠᠨ ᠠᠵᠢᠯᠯᠠᠭ᠎ᠠ ᠦᠷᠨᠢᠬᠦᠯᠤᠨ᠎ᠠ᠃ ᠪᠤᠳᠠᠳᠦ ᠴᠤᠬᠴᠠ᠎ᠳᠤ᠂ ᠡᠯ᠎ᠡ ᠭᠠᠵᠠᠷ᠎ᠤᠨ ᠬᠢᠨ ᠪᠠᠴᠢᠮ ᠪᠠᠢᠳᠠᠯ᠎ᠢ ᠠᠷᠭᠠᠴᠠᠭᠠᠬᠤ ᠲᠠᠷᠬᠠᠭᠠᠨ ᠵᠠᠢᠯᠠᠭᠤᠯᠬᠤ ᠰᠣᠷᠢᠯᠲᠠ᠂ ᠭᠠᠯ ᠰᠡᠷᠬᠡᠢᠯᠡᠵᠦ ᠭᠠᠯ ᠤᠨᠲᠠᠷᠠᠭᠠᠬᠤ ᠮᠡᠳᠡᠯᠭᠡ᠎ᠶᠢᠨ ᠤᠬᠠᠭᠤᠯᠭ᠎ᠠ᠂ ᠰᠣᠨᠢᠷᠬᠠᠯᠲᠦ ᠪᠡᠶ᠎ᠡ᠎ᠶᠢᠨ ᠲᠠᠮᠢᠷ᠎ᠤᠨ ᠴᠤᠭᠯᠠᠭᠠᠨ᠂ ᠪᠡᠶᠡᠴᠢᠯᠡᠨ ᠣᠢᠯᠠᠭᠠᠬᠤ ᠠᠵᠢᠯᠯᠠᠭ᠎ᠠ ᠵᠢᠴᠢ ᠲᠠᠯ᠎ᠠ ᠨᠤᠲᠤᠭ᠎ᠤᠨ ᠣᠨᠴᠠᠯᠢᠭ᠋᠎ᠪᠦᠬᠦᠢ 《119 ᠴᠣᠮᠣ᠌ ᠰᠦ᠎ᠲᠠᠢ ᠴᠠᠢ ᠪᠠ ᠲᠠᠯ᠎ᠠ ᠨᠤᠲᠤᠭ᠎ᠤᠨ ᠭᠦᠨ᠎ᠳᠡᠬᠢ ᠭᠡᠷ ᠪᠦᠯᠢ》 ᠭᠡᠬᠦ ᠭᠣᠣᠯ ᠰᠡᠳᠦᠪᠲᠦ ᠤᠬᠠᠭᠤᠯᠭ᠎ᠠ᠎ᠶᠢᠨ ᠠᠵᠢᠯᠯᠠᠭ᠎ᠠ᠎ᠶᠢ ᠦᠷᠨᠢᠬᠦᠯᠵᠦ᠂ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠮᠡᠳᠡᠯᠭᠡ᠎ᠶᠢ ᠲᠦᠭ ᠲᠦᠮᠡᠨ ᠠᠢᠯ ᠡᠷᠦᠬᠡ᠎ᠳᠦ ᠬᠦᠷᠭᠡᠨ᠎ᠠ᠃ ᠡᠭᠦᠨ᠎ᠦ ᠬᠠᠮᠲᠤ᠂ ᠠᠵᠤ ᠠᠬᠤᠢᠯᠠᠯ᠂ ᠬᠤᠳᠠᠯᠳᠤᠭᠠᠨ᠎ᠤ ᠳᠠᠯᠠᠪᠤᠷ᠂ ᠰᠠᠭᠤᠭᠠᠯᠢ ᠠᠷᠠᠳ᠎ᠤᠨ ᠲᠣᠭᠣᠷᠢᠭ᠋᠂ ᠪᠠᠢᠭᠤᠯᠭ᠎ᠠ ᠨᠢᠭᠡᠴᠢ᠎ᠶᠢᠨ ᠳᠠᠯᠳᠠ ᠬᠡᠮ᠎ᠢ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ ᠪᠠ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ᠎ᠶᠢ ᠪᠠᠢᠩᠭᠤᠵᠢᠭᠤᠯᠤᠨ ᠥᠷᠨᠢᠭᠦᠯᠬᠦ᠎ᠶᠢ ᠦᠷᠭᠦᠯᠵᠢᠯᠡᠨ ᠠᠬᠢᠭᠤᠯᠵᠤ᠂ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠦᠨᠳᠦᠰᠦᠨ ᠱᠠᠲᠤᠨ᠎ᠤ ᠭᠠᠯ᠎ᠤᠨ ᠭᠠᠮᠰᠢᠭ᠋᠎ᠢ ᠰᠡᠷᠭᠡᠢᠯᠡᠨ ᠡᠵᠡᠮᠳᠡᠬᠦ ᠰᠠᠭᠤᠷᠢ᠎ᠶᠢ ᠪᠡᠬᠢᠵᠢᠭᠦᠯᠬᠦ ᠪᠤᠯᠤᠨ᠎ᠠ᠃

ᠡᠬᠦᠨ ᠡᠴᠡ ᠭᠠᠳᠠᠨ᠎ᠠ᠂ ᠡᠯ᠎ᠡ ᠱᠠᠲᠤᠨ᠎ᠤ ᠭᠣᠣᠯ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ᠎ᠤᠨ ᠲᠠᠪᠴᠠᠩ᠎ᠳᠤ ᠲᠦᠰᠢᠭᠯᠡᠨ᠂ ᠭᠠᠯ ᠰᠡᠷᠬᠡᠢᠯᠡᠵᠦ ᠭᠠᠯ ᠤᠨᠲᠠᠷᠠᠭᠠᠬᠤ ᠮᠡᠳᠡᠯᠭᠡ᠎ᠶᠢᠨ ᠱᠠᠩᠨᠠᠯᠲᠦ ᠤᠷᠤᠯᠳᠤᠭᠠᠨ᠂ ᠭᠣᠣᠯ ᠰᠡᠳᠦᠪᠲᠦ ᠰᠢᠭᠤᠳ ᠨᠡᠪᠲᠡᠷᠡᠭᠦᠯᠭᠡ᠂ ᠨᠡᠶ᠋ᠢᠲᠡ᠎ᠶᠢᠨ ᠠᠰᠠᠷᠠᠮᠵᠢ᠎ᠶᠢᠨ ᠣᠬᠣᠷ ᠸᠢᠳᠢᠤ᠋ ᠵᠡᠷᠭᠡ ᠰᠢᠷᠢᠰ ᠤᠬᠠᠭᠤᠯᠭ᠎ᠠ᠎ᠶᠢᠨ ᠠᠵᠢᠯᠯᠠᠭ᠎ᠠ ᠦᠷᠨᠢᠬᠦᠯᠵᠦ᠂ ᠲᠡᠷᠢᠭᠦᠨ᠎ᠦ ᠨᠡᠢᠲᠡᠯᠢᠭ ᠵᠢᠱ᠌ᠢᠶ᠎ᠡ᠂ ᠠᠵᠢᠯ ᠲᠥᠷᠥᠯ᠎ᠦᠨ ᠲᠥᠯᠥᠭᠡᠯᠡᠭᠴᠢ᠎ᠶᠢ ᠤᠷᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠨᠡᠶ᠋ᠢᠲᠡ᠎ᠶᠢᠨ ᠠᠰᠠᠷᠠᠮᠵᠢ᠎ᠶᠢᠨ ᠠᠵᠢᠯᠯᠠᠭ᠎ᠠ᠎ᠳᠤ ᠣᠷᠣᠯᠴᠠᠭᠤᠯᠵᠤ᠂ ᠭᠠᠯ ᠰᠡᠷᠭᠡᠢᠯᠡᠬᠦ᠂ ᠠᠶᠤᠯ ᠠ᠋ᠴᠠ ᠵᠠᠢᠯᠠᠬᠤ᠂ ᠠᠮᠢ ᠵᠢᠭᠤᠲᠠᠬᠤ᠂ ᠥᠪᠡᠷ᠎ᠢ᠎ᠪᠡᠨ ᠠᠪᠤᠷᠠᠬᠤ ᠮᠡᠳᠡᠯᠭᠡ᠎ᠶᠢ ᠪᠥᠬᠥ ᠲᠠᠯ᠎ᠠ᠎ᠪᠠᠷ ᠲᠦᠭᠡᠮᠡᠯᠵᠢᠭᠦᠯᠦᠨ᠂ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠤᠬᠠᠭᠤᠯᠭ᠎ᠠ᠎ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ᠎ᠢ ᠦᠷᠭᠦᠯᠵᠢᠯᠡᠨ ᠥᠷᠭᠡᠳᠬᠡᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面