ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-11-10 09:02:39

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 4᠎ᠦ ᠡᠳᠦᠷ《ᠪᠤᠭᠤᠲᠤ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ》᠎ᠵᠢᠷᠭᠢᠶ᠎ᠡ ᠵᠢᠨ ᠣᠯᠠᠨ ᠨᠡᠶ᠋ᠢᠲᠡ᠎ᠶᠢᠨ ᠳ᠋ᠤᠭᠠᠷ 《ᠪᠤᠭᠤᠲᠤ ᠬᠣᠲᠠ᠎ᠶᠢᠨ 2026 ᠣᠨ᠎ᠤ ᠳᠥᠷᠪᠡᠳᠦᠭᠡᠷ ᠤᠯᠠᠷᠢᠯ᠎ᠤᠨ ᠳᠡᠭᠡᠳᠦ ᠲᠠᠰ ᠳᠠᠪᠬᠤᠷᠭ᠎ᠠ᠎ᠶᠢᠨ ᠪᠠ ᠪᠠᠴᠢᠮ ᠱᠠᠭᠠᠷᠳᠠᠭᠳᠠᠵᠤ ᠪᠠᠢᠭ᠎ᠠ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠭᠠᠷᠴᠠᠭ》᠎ᠤᠨ ᠠᠯᠪᠠᠨ ᠵᠠᠷᠯᠠᠯ᠎ᠢ ᠨᠡᠢᠲᠡᠯᠡᠪᠡ᠃



ᠪᠥᠬᠥ ᠠᠭᠤᠯᠭ᠎ᠠ ᠨᠢ ᠳᠣᠣᠷᠠᠬᠢ ᠮᠡᠲᠦ᠄ ᠪᠤᠭᠤᠲᠤ ᠬᠣᠲᠠ᠎ᠶᠢᠨ 《1144》 ᠣᠲᠣ᠌ ᠦᠶ᠎ᠡ᠎ᠶᠢᠨ ᠠᠵᠤ ᠦᠢᠯᠡᠰ᠎ᠦᠨ ᠪᠦᠯᠦᠭᠵᠢᠯ᠎ᠦᠨ ᠪᠦᠲᠦᠭᠡᠨ ᠪᠠᠢᠭᠤᠯᠤᠯᠲᠠ᠎ᠶᠢ ᠭᠦᠨᠵᠡᠭᠡᠢ ᠠᠬᠢᠭᠤᠯᠵᠤ᠂ ᠭᠣᠣᠯᠳᠠᠯᠭ᠎ᠠ᠎ᠲᠠᠢ ᠠᠵᠤ ᠦᠢᠯᠡᠰ᠎ᠦᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢ ᠣᠨᠣᠪᠴᠢᠲᠠᠶ ᠲᠣᠬᠢᠷᠠᠭᠤᠯᠤᠨ᠂ ᠬᠥᠮᠥᠨ ᠬᠡᠷᠡᠭᠯᠡᠬᠦ ᠨᠢᠭᠡᠴᠢ ᠬᠢᠭᠡᠳ ᠴᠢᠳᠠᠪᠤᠷᠢᠲᠠᠨ᠎ᠢ ᠬᠣᠣᠰ ᠴᠢᠭᠯᠡᠯ᠎ᠢᠶᠡᠷ ᠵᠣᠯᠭᠠᠭᠤᠯᠬᠤ ᠬᠥᠭᠥᠷᠭᠡ᠎ᠶᠢ ᠪᠠᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠭᠤᠲᠤ ᠬᠣᠲᠠ᠎ᠶᠢᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ (ᠬᠣᠲᠠ᠎ᠶᠢᠨ ᠨᠠᠮ᠎ᠤᠨ ᠬᠣᠷᠢᠶᠠᠨ᠎ᠤ ᠴᠢᠳᠠᠪᠤᠷᠢᠲᠠᠨ᠎ᠤ ᠠᠯᠪᠠᠨ ᠭᠡᠷ)᠂ ᠪᠤᠭᠤᠲᠤ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠬᠠᠮᠲᠤᠷᠠᠨ 《ᠪᠤᠭᠤᠲᠤ ᠬᠣᠲᠠ᠎ᠶᠢᠨ 2026 ᠣᠨ᠎ᠤ ᠳᠥᠷᠪᠡᠳᠦᠭᠡᠷ ᠤᠯᠠᠷᠢᠯ᠎ᠤᠨ ᠳᠡᠭᠡᠳᠦ ᠲᠠᠰ ᠳᠠᠪᠬᠤᠷᠭ᠎ᠠ᠎ᠶᠢᠨ ᠪᠠ ᠪᠠᠴᠢᠮ ᠱᠠᠭᠠᠷᠳᠠᠭᠳᠠᠵᠤ ᠪᠠᠢᠭ᠎ᠠ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠭᠠᠷᠴᠠᠭ》᠎ᠢ ᠨᠠᠢᠷᠠᠭᠤᠯᠤᠨ ᠵᠣᠬᠢᠶᠠᠵᠤ᠂ ᠡᠳᠦᠭᠡ ᠨᠡᠢᠲᠡᠯᠡᠪᠡ᠃



ᠲᠣᠰ ᠤᠳᠠᠭᠠᠨ᠎ᠤ ᠭᠠᠷᠴᠠᠭ᠎ᠲᠤ ᠪᠤᠭᠤᠲᠤ ᠬᠣᠲᠠ᠎ᠶᠢᠨ 89 ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶᠢᠨ ᠴᠢᠳᠠᠪᠤᠷᠢᠲᠠᠨ ᠣᠷᠣᠭᠤᠯᠬᠤ ᠲᠥᠯᠥᠪᠯᠡᠭᠡ᠎ᠶᠢ ᠪᠠᠭᠲᠠᠭᠠᠵᠤ᠂ ᠪᠥᠬᠥ ᠬᠣᠲᠠ᠎ᠶᠢᠨ ᠳᠡᠭᠡᠳᠦ ᠲᠠᠰ ᠳᠠᠪᠬᠤᠷᠭ᠎ᠠ᠎ᠶᠢᠨ᠂ ᠪᠠᠴᠢᠮ ᠱᠠᠭᠠᠷᠳᠠᠭᠳᠠᠵᠤ ᠪᠠᠢᠭ᠎ᠠ 395 ᠠᠵᠢᠯ᠎ᠤᠨ ᠪᠠᠢᠷᠢ᠎ᠶᠢ ᠬᠠᠮᠤᠷᠴᠤ᠂ 1989 ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠪᠠᠷ ᠲᠥᠯᠥᠪᠯᠡᠵᠦ ᠪᠣᠶ᠃



ᠢᠷᠡᠯᠲᠡ᠄ ᠪᠤᠭᠤᠲᠤ ᠵᠢᠨ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ ᠵᠢᠷᠭᠢᠶ᠎ᠡ ᠵᠢᠨ ᠤᠯᠠᠨ ᠨᠡᠢᠲᠡ ᠵᠢᠨ ᠳ᠋ᠤᠭᠠᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面