2026-11-11 11:26:37
ᠣᠢᠷ᠎ᠠ᠎ᠳᠤ᠂ ᠰᠤᠷᠭᠠᠨ ᠬᠥᠮᠦᠵᠢᠯ᠎ᠦᠨ ᠶᠠᠮᠤᠨ᠂ ᠳᠣᠲᠣᠭᠠᠳᠤ᠎ᠶᠢ ᠬᠠᠮᠠᠭᠠᠯᠠᠬᠤ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠬᠠᠮᠲᠤᠷᠠᠨ《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢᠯᠡᠴᠢᠯᠡᠬᠦ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ ᠲᠤᠰᠬᠠᠢ ᠲᠥᠯᠥᠪᠯᠡᠭᠡ᠎ᠶᠢ ᠬᠡᠷᠡᠭᠵᠢᠭᠦᠯᠬᠦ ᠲᠤᠬᠠᠢ ᠮᠡᠳᠡᠭᠳᠡᠯ》(ᠳᠣᠷᠣᠭ᠍ᠰᠢ《ᠮᠡᠳᠡᠭᠳᠡᠯ》ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢᠯᠡᠴᠢᠯᠡᠬᠦ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ ᠲᠤᠰᠬᠠᠢ ᠲᠥᠯᠥᠪᠯᠡᠭᠡ᠎ᠶᠢ ᠬᠡᠷᠡᠭᠵᠢᠭᠦᠯᠬᠦ ᠲᠤᠬᠠᠢ ᠪᠠᠢᠷᠢᠯᠠᠭᠤᠯᠤᠯᠲᠠ ᠬᠢᠪᠡ᠃
《ᠮᠡᠳᠡᠭᠳᠡᠯ》᠎ᠳᠤ᠂ 2012 ᠣᠨ᠎ᠠᠴᠠ ᠨᠠᠭᠠᠰᠢ᠂ ᠡᠯ᠎ᠡ ᠭᠠᠵᠠᠷ ᠪᠠ ᠬᠣᠯᠪᠣᠭᠳᠠᠯ ᠪᠦᠬᠦᠢ ᠶᠡᠬᠡ ᠳᠡᠭᠡᠳᠦ ᠰᠤᠷᠭᠠᠭᠤᠯᠢ ᠭᠣᠣᠯᠳᠠᠯᠭ᠎ᠠ᠎ᠲᠠᠢ ᠶᠡᠬᠡ ᠳᠡᠭᠡᠳᠦ ᠰᠤᠷᠭᠠᠭᠤᠯᠢ᠎ᠶᠢᠨ ᠬᠥᠳᠡᠭᠡ ᠲᠣᠰᠬᠣᠨ ᠪᠠ ᠶᠠᠳᠠᠭᠤ ᠬᠦᠴᠢᠷᠳᠡᠯ᠎ᠲᠠᠢ ᠭᠠᠵᠠᠷ ᠣᠷᠣᠨ᠎ᠠᠴᠠ ᠰᠣᠷᠣᠭ᠍ᠴᠢ ᠡᠯᠰᠡᠬᠦ ᠲᠤᠰᠬᠠᠢ ᠲᠥᠯᠥᠪᠯᠡᠭᠡ᠎ᠶᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠬᠥᠳᠡᠭᠡ ᠲᠣᠰᠬᠣᠨ ᠪᠠ ᠤᠤᠯ᠎ᠤᠨ ᠶᠠᠳᠠᠭᠤ ᠬᠦᠴᠢᠷᠳᠡᠯ᠎ᠲᠠᠢ ᠭᠠᠵᠠᠷ ᠣᠷᠣᠨ᠎ᠤ ᠰᠤᠷᠤᠭ᠍ᠴᠢᠳ᠎ᠤᠨ ᠰᠤᠷᠭᠠᠭᠤᠯᠢ᠎ᠳᠤ ᠳᠡᠪᠰᠢᠬᠦ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠬᠡᠵᠦ᠂ ᠬᠣᠲᠠ ᠬᠥᠳᠡᠭᠡ ᠣᠷᠣᠨ ᠪᠦᠰᠡ᠎ᠶᠢᠨ ᠰᠤᠷᠭᠠᠭᠤᠯᠢ᠎ᠳᠤ ᠣᠷᠣᠬᠤ ᠲᠣᠬᠢᠶᠠᠯ᠎ᠢ ᠡᠷᠬᠡ ᠲᠡᠭᠰᠢ ᠪᠠᠢᠯᠭᠠᠬᠤ᠎ᠶᠢ ᠠᠬᠢᠭᠤᠯᠵᠤ᠂ ᠣᠷᠣᠨ ᠨᠤᠲᠤᠭ᠎ᠤᠨ ᠰᠠᠭᠤᠷᠢ ᠰᠤᠷᠭᠠᠨ ᠬᠥᠮᠦᠵᠢᠯ᠎ᠦᠨ ᠡᠷᠡᠭᠦᠯ᠎ᠢᠶᠡᠷ ᠬᠥᠭᠵᠢᠬᠦ᠎ᠶᠢ ᠬᠥᠲᠥᠯᠥᠨ ᠵᠢᠯᠤᠭᠣᠳᠬᠤ᠎ᠳᠤ ᠢᠳᠡᠪᠬᠢᠲᠡᠢ ᠦᠢᠯᠡᠳᠦᠯ ᠦᠵᠡᠭᠦᠯᠪᠡ᠃
ᠳᠠᠬᠢᠨ ᠶᠠᠳᠠᠭᠤᠷᠠᠬᠤ ᠪᠠ ᠶᠠᠳᠠᠭᠤᠷᠠᠬᠤ᠎ᠶᠢ ᠰᠡᠷᠭᠡᠢᠯᠡᠨ ᠬᠣᠷᠢᠭ᠍ᠯᠠᠬᠤ ᠪᠠᠢᠩᠭᠤᠵᠢᠭ᠍ᠰᠠᠨ ᠲᠣᠭᠲᠠᠴᠠ᠎ᠶᠢ ᠨᠢᠭᠡᠳᠦᠯᠲᠡᠢ ᠲᠥᠯᠥᠪᠵᠢᠭᠦᠯᠤᠨ ᠪᠠᠢᠭᠤᠯᠵᠤ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠲᠤᠭᠤᠰᠢᠯᠠᠭᠤᠯᠵᠤ᠂《ᠰᠤᠷᠭᠠᠨ ᠬᠥᠮᠦᠵᠢᠯ᠎ᠦᠨ ᠬᠥᠭᠵᠢᠯᠲᠡ᠎ᠶᠢᠨ〈ᠠᠷᠪᠠᠨ ᠲᠠᠪᠤᠳᠤᠭᠠᠷ ᠲᠠᠪᠤᠨ ᠵᠢᠯ〉᠎ᠤᠨ ᠲᠥᠯᠦᠪᠵᠢᠭᠦᠯᠭᠡ》᠎ᠶᠢ ᠨᠠᠢᠳᠠᠪᠤᠷᠢᠵᠢᠭᠤᠯᠬᠤ᠎ᠶᠢᠨ ᠲᠥᠯᠥᠭᠡ᠂ ᠰᠢᠶᠠᠨ᠎ᠤ ᠬᠡᠪᠴᠢᠶᠡᠨ᠎ᠦ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ᠎ᠤ ᠲᠥᠯᠥᠪᠯᠡᠭᠡ᠎ᠶᠢᠨ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ 2030 ᠣᠨ᠎ᠳᠤ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠎ᠡᠴᠡ ᠡᠬᠢᠯᠡᠨ᠂ ᠳᠡᠭᠡᠷ᠎ᠡ ᠳᠤᠷᠠᠳᠤᠭᠰᠠᠨ ᠣᠲᠣ᠌᠎ᠶᠢᠨ ᠬᠡᠷᠡᠭᠵᠢᠭᠦᠯᠵᠦ ᠪᠠᠢᠭ᠎ᠠ ᠲᠤᠰᠬᠠᠢ ᠲᠥᠯᠥᠪᠯᠡᠭᠡ᠎ᠶᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢᠯᠡᠴᠢᠯᠡᠬᠦ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ ᠲᠤᠰᠬᠠᠢ ᠲᠥᠯᠥᠪᠯᠡᠭᠡ ᠪᠣᠯᠭᠠᠨ ᠲᠣᠬᠢᠷᠠᠭᠤᠯᠵᠤ᠂ ᠱᠠᠲᠤ ᠬᠤᠪᠢᠶᠠᠨ ᠬᠠᠷᠢᠭᠤᠴᠠᠬᠤ᠂ ᠲᠠᠰ ᠬᠤᠪᠢᠶᠠᠨ ᠬᠠᠪᠰᠤᠷᠤᠨ ᠲᠡᠳᠬᠦᠬᠦ ᠲᠣᠭᠲᠠᠴᠠ᠎ᠶᠢ ᠤᠯᠠᠮ ᠨᠢᠭᠡ ᠠᠯᠬᠤᠮ ᠪᠠᠢᠭᠤᠯᠤᠨ ᠪᠦᠷᠢᠨᠰᠢᠭᠦᠯᠵᠦ᠂ ᠰᠤᠷᠭᠠᠨ ᠬᠥᠮᠦᠵᠢᠯ᠎ᠢᠶᠡᠷ ᠬᠠᠪᠰᠤᠷᠤᠨ ᠲᠡᠳᠬᠦᠬᠦ᠎ᠶᠢ ᠨᠠᠩ ᠣᠨᠣᠪᠴᠢᠲᠠᠶ ᠪᠣᠯᠭᠠᠬᠤ᠎ᠶᠢ ᠠᠬᠢᠭᠤᠯᠵᠤ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠪᠠᠲᠤ ᠪᠡᠬᠢ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠬᠤ᠎ᠪᠠᠷ ᠲᠣᠭᠲᠠᠪᠠ ᠭᠡᠵᠡᠢ᠃
ᠢᠷᠡᠯᠲᠡ᠄ ᠲᠦᠪ ᠲᠧᠯᠸᠢᠰ᠎ᠤᠨ ᠰᠤᠨᠢᠨ ᠮᠡᠳᠡᠭᠡᠨ᠎ᠤ ᠵᠢᠷᠭᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃