2026-11-12 11:49:02
@ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠵᠢᠯ ᠤᠯᠬᠤ ᠴᠢᠳᠠᠪᠤᠷᠢ᠎ᠪᠠᠨ ᠳᠡᠭᠡᠭᠰᠢᠯᠡᠭᠦᠯᠬᠦ᠎ᠳᠡᠭᠡᠨ ᠡᠲᠡᠭᠡᠷ ᠲᠥᠷᠥ᠎ᠶᠢᠨ ᠪᠣᠳᠣᠯᠭ᠎ᠠ᠎ᠶᠢᠨ ᠳᠡᠮᠵᠢᠯᠬᠡ ᠵᠢ ᠠᠩᠬᠠᠷᠤᠭᠠᠷᠠᠢ!
01. ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠨᠥᠬᠥᠪᠥᠷᠢ
ᠶᠡᠭᠡ ᠳᠡᠭᠡᠳᠦ ᠰᠤᠷᠭᠠᠭᠤᠯᠢ᠎ᠵᠢᠨ ᠤᠶᠤᠳᠠᠳ ᠳᠡᠬᠦᠰᠬᠦ ᠤᠨ᠎ᠳᠠᠭᠠᠨ ᠠᠵᠢᠯ ᠣᠯᠬᠤ ᠮᠡᠷᠭᠡᠵᠢᠯ᠎ᠦᠨ ᠴᠢᠳᠠᠪᠤᠷᠢ᠎ᠶᠢᠨ ᠪᠣᠯᠪᠠᠰᠤᠷᠠᠯ ᠪᠣᠯᠤᠨ ᠦᠢᠯᠡᠰ ᠪᠣᠰᠬᠠᠬᠤ ᠪᠣᠯᠪᠠᠰᠤᠷᠠᠯ᠎ᠳᠤ ᠣᠷᠣᠯᠴᠠᠵᠤ᠂ ᠪᠣᠯᠪᠠᠰᠤᠷᠠᠯ᠎ᠤᠨ ᠳᠠᠷᠠᠭ᠎ᠠ ᠲᠣᠭᠲᠠᠭᠠᠯ᠎ᠳᠦ ᠨᠡᠢᠴᠡᠭᠰᠡᠨ ᠦᠨᠡᠮᠯᠡᠯ( ᠠᠵᠢᠯ ᠮᠡᠷᠬᠡᠵᠢᠯ᠎ᠤᠨ ᠬᠢᠷᠢ ᠬᠡᠮ᠎ᠦᠨ ᠦᠨᠡᠮᠯᠡᠯ᠂ ᠠᠵᠢᠯᠮᠡᠷᠭᠡᠵᠢᠯ᠎ᠦᠨ ᠴᠢᠳᠠᠪᠤᠷᠢ᠎ᠶᠢᠨ ᠵᠡᠷᠭᠡ ᠳᠡᠰ᠎ᠤᠨ ᠦᠨᠡᠮᠯᠡᠯ᠂ ᠲᠤᠰᠬᠠᠶ ᠵᠦᠢᠯ᠎ᠦᠨ ᠠᠵᠢᠯ ᠮᠡᠷᠬᠡᠵᠢᠯ᠎ᠤᠨ ᠴᠢᠳᠠᠪᠤᠷᠢ᠎ᠶᠢᠨ ᠦᠨᠡᠮᠯᠡᠯ᠂ ᠪᠣᠯᠪᠠᠰᠤᠷᠠᠯ᠎ᠳᠤ ᠬᠢᠷᠢ ᠲᠡᠩᠴᠡᠭᠰᠡᠨ ᠦᠨᠡᠮᠯᠡᠯ ᠪᠠᠭᠲᠠᠨ᠎ᠠ) ᠣᠯᠤᠭᠰᠠᠨ ᠪᠣᠯ ᠨᠥᠬᠥᠪᠥᠷᠢ ᠣᠯᠭᠣᠨ᠎ᠠ᠃
ᠠᠵᠤ ᠠᠬᠤᠶ᠋ᠢᠯᠠᠯ᠎ᠤᠨ ᠰᠢᠨ᠎ᠡ᠎ᠪᠡᠷ ᠡᠯᠰᠡᠨ ᠬᠡᠷᠡᠭᠯᠡᠭᠰᠡᠨ ᠲᠡᠭᠦᠰᠬᠦ᠌ ᠣᠨ᠎ᠤ ᠤᠶᠤᠳᠠᠳ ᠠᠵᠤ ᠠᠬᠤᠶ᠋ᠢᠯᠠᠯ᠎ᠯᠤᠭ᠎ᠠ 1 ᠵᠢᠯ᠎ᠡᠴᠡ ᠳᠡᠭᠡᠭᠰᠢ ᠬᠤᠭᠤᠴᠠᠭ᠎ᠠ᠎ᠲᠠᠶ ᠬᠥᠳᠡᠯᠮᠦᠷᠢ᠎ᠶᠢᠨ ᠭᠡᠷ᠎ᠡ ᠲᠣᠭᠲᠠᠨ᠎ᠠ᠃ ᠬᠥᠳᠡᠯᠮᠦᠷᠢ᠎ᠶᠢᠨ ᠭᠡᠷ᠎ᠡ ᠲᠣᠭᠲᠠᠭᠰᠠᠨ ᠡᠳᠦᠷ᠎ᠡᠴᠡ ᠡᠬᠢᠯᠡᠨ 1 ᠵᠢᠯ᠎ᠦᠨ ᠳᠣᠲᠣᠷ᠎ᠠ ᠠᠵᠤ ᠠᠬᠤᠶ᠋ᠢᠯᠠᠯ ᠨᠢ ᠬᠠᠷᠢᠶ᠎ᠠ ᠪᠦᠬᠦᠢ ᠪᠣᠯᠪᠠᠰᠤᠷᠠᠯ᠎ᠤᠨ ᠪᠠᠶ᠋ᠢᠭᠤᠯᠤᠮᠵᠢ ᠪᠤᠶᠤ ᠵᠠᠰᠠᠭ᠎ᠤᠨ ᠣᠷᠳᠣᠨ᠎ᠤ ᠭᠡᠷᠡᠴᠢᠯᠡᠭᠡ ᠳᠠᠢ ᠪᠣᠯᠪᠠᠰᠤᠷᠠᠯ᠎ᠤᠨ ᠪᠠᠶ᠋ᠢᠭᠤᠯᠤᠮᠵᠢ᠎ᠳᠤ ᠨᠠᠢᠳᠠᠨ ᠠᠵᠢᠯ᠎ᠤᠨ ᠪᠠᠶ᠋ᠢᠷᠢ᠎ᠶᠢᠨ ᠮᠡᠷᠭᠡᠵᠢᠯ ᠴᠢᠳᠠᠪᠤᠷᠢ᠎ᠶᠢᠨ ᠪᠣᠯᠪᠠᠰᠤᠷᠠᠯ᠎ᠳᠦ ᠤᠷᠤᠯᠴᠠᠭᠤᠯᠤᠨ᠎ᠠ᠂ ᠪᠣᠯᠪᠠᠰᠤᠷᠠᠯ᠎ᠤᠨ ᠳᠠᠷᠠᠭ᠎ᠠ ᠲᠣᠭᠲᠠᠭᠠᠯ᠎ᠳᠦ ᠨᠡᠢᠴᠡᠭᠰᠡᠨ ᠦᠨᠡᠮᠯᠡᠯ ᠣᠯᠤᠭᠰᠠᠨ ᠪᠣᠯ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠨᠥᠬᠥᠪᠥᠷᠢ ᠣᠯᠭᠣᠨ᠎ᠠ᠃
ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠤ ᠠᠬᠤᠶ᠋ᠢᠯᠠᠯ᠎ᠤᠨ ᠰᠢᠨ᠎ᠡ ᠬᠡᠯᠪᠡᠷᠢ᠎ᠶᠢᠨ ᠱᠠᠪᠢ ᠣᠷᠣᠬᠤ ᠳᠦᠷᠢᠮ᠎ᠦᠨ ᠪᠣᠯᠪᠠᠰᠤᠷᠠᠯ᠂ ᠮᠠᠰᠲ᠋ᠸᠷ᠎ᠤᠨ ᠪᠣᠯᠪᠠᠰᠤᠷᠠᠯ᠎ᠳᠤ ᠣᠷᠣᠯᠴᠠᠭᠰᠠᠨ ᠠᠵᠢᠯ᠎ᠤᠨ ᠪᠠᠢᠷᠢᠨ᠎ᠳᠤ ᠪᠠᠶ᠋ᠢᠭ᠎ᠠ ᠠᠵᠢᠯᠲᠠᠨ ᠠᠵᠢᠯᠴᠢᠨ ᠪᠣᠯᠪᠠᠰᠤᠷᠠᠯ᠎ᠤᠨ ᠳᠠᠷᠠᠭ᠎ᠠ ᠦᠨᠡᠮᠯᠡᠯ ᠣᠯᠤᠭᠰᠠᠨ ᠪᠠᠶ᠋ᠢᠪᠠᠯ ᠨᠥᠬᠥᠪᠥᠷᠢ ᠣᠯᠭᠣᠨ᠎ᠠ᠃
02. ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠦᠨᠡᠯᠡᠯᠲᠡ᠎ᠶᠢᠨ ᠨᠥᠬᠥᠪᠥᠷᠢ
ᠠᠳᠠᠯᠢ ᠨᠢᠭᠡᠨ ᠠᠵᠢᠯ ᠮᠡᠷᠭᠡᠵᠢᠯ(ᠠᠵᠢᠯ ᠲᠥᠷᠥᠯ)᠎ᠦᠨ ᠠᠵᠢᠯ ᠮᠡᠷᠭᠡᠵᠢᠯ᠎ᠦᠨ ᠴᠢᠳᠠᠪᠤᠷᠢ᠎ᠶᠢᠨ ᠦᠨᠡᠯᠡᠯᠲᠡ᠎ᠶᠢ ᠠᠩᠬ᠎ᠠ ᠤᠳᠠᠭ᠎ᠠ ᠤᠯᠤᠬᠰᠠᠨ ᠪᠥᠭᠡᠳ ᠲᠣᠭᠲᠠᠭᠠᠯ᠎ᠳᠦ ᠨᠡᠢᠴᠡᠭᠰᠡᠨ ᠦᠨᠡᠮᠯᠡᠯ( ᠠᠵᠢᠯ ᠮᠡᠷᠬᠡᠵᠢᠯ᠎ᠤᠨ ᠬᠢᠷᠢ ᠬᠡᠮ᠎ᠦᠨ ᠦᠨᠡᠮᠯᠡᠯ᠂ ᠠᠵᠢᠯᠮᠡᠷᠭᠡᠵᠢᠯ᠎ᠦᠨ ᠴᠢᠳᠠᠪᠤᠷᠢ᠎ᠶᠢᠨ ᠵᠡᠷᠭᠡ ᠳᠡᠰ᠎ᠤᠨ ᠦᠨᠡᠮᠯᠡᠯ᠂ ᠲᠤᠰᠬᠠᠶ ᠵᠦᠢᠯ᠎ᠦᠨ ᠠᠵᠢᠯ ᠮᠡᠷᠬᠡᠵᠢᠯ᠎ᠤᠨ ᠴᠢᠳᠠᠪᠤᠷᠢ᠎ᠶᠢᠨ ᠦᠨᠡᠮᠯᠡᠯ ᠪᠠᠭᠲᠠᠨ᠎ᠠ᠂ ᠪᠣᠯᠪᠠᠰᠤᠷᠠᠯ᠎ᠳᠤ ᠬᠢᠷᠢ ᠲᠡᠩᠴᠡᠭᠰᠡᠨ ᠦᠨᠡᠮᠯᠡᠯ ᠪᠠᠭᠲᠠᠬᠤ ᠦᠭᠡᠶ)ᠤᠯᠤᠭᠰᠠᠨ ᠲᠡᠭᠦᠰᠬᠦ᠌ ᠣᠨ᠎ᠤ ᠤᠶᠤᠳᠠᠳᠲᠦ᠍ ᠨᠥᠬᠥᠪᠥᠷᠢ ᠣᠯᠭᠣᠨ᠎ᠠ᠃
03. ᠠᠵᠢᠯ ᠣᠯᠭᠣᠯᠲᠠ᠎ᠶᠢᠨ ᠳᠠᠳᠤᠯᠭ᠎ᠠ᠎ᠶᠢᠨ ᠨᠥᠬᠥᠪᠥᠷᠢ
ᠰᠤᠷᠭᠠᠭᠤᠯᠢ᠎ᠠᠴᠠ᠎ᠪᠠᠨ ᠰᠠᠯᠤᠭᠠᠳ 2 ᠵᠢᠯ ᠪᠣᠯᠤᠭᠠᠳᠤᠶ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠣᠯᠤᠨ ᠠᠵᠢᠯ ᠠᠯᠳᠠᠭᠰᠠᠨ ᠵᠢᠡᠷ ᠳᠠᠩᠰᠠᠯᠠᠭᠤᠯᠤᠭᠰᠠᠨ 16 — 24 ᠨᠠᠰᠤᠨ᠎ᠤ ᠵᠠᠯᠠᠭᠤᠴᠤᠳ ᠢ ᠡᠯᠰᠡᠨ ᠳᠠᠳᠤᠯᠭ᠎ᠠ ᠭᠢᠯᠭᠡᠭᠦ᠎ᠳᠦ ᠣᠷᠣᠯᠴᠠᠭᠤᠯᠤᠭᠰᠠᠨ ᠨᠢᠭᠡᠴᠢ᠎ᠳᠦ ᠳᠠᠳᠤᠯᠭ᠎ᠠ ᠭᠢᠯᠭᠡᠭᠦ ᠨᠥᠬᠥᠪᠥᠷᠢ ᠣᠯᠭᠣᠨ᠎ᠠ᠂ ᠡᠳᠡᠬᠡᠷ ᠨᠦᠬᠦᠪᠦᠷᠢ ᠵᠢ ᠳᠠᠳᠤᠯᠭ᠎ᠠ ᠭᠢᠯᠭᠡᠭᠰᠡᠨ ᠨᠢᠭᠡᠴᠢ᠎ᠡᠴᠡ ᠳᠠᠳᠤᠯᠭ᠎ᠠ ᠭᠢᠵᠦ ᠪᠠᠢᠭ᠎ᠠ ᠬᠥᠮᠦᠰ᠎ᠲᠦ ᠳᠠᠳᠤᠯᠭ᠎ᠠ᠎ᠶᠢᠨ ᠬᠤᠭᠤᠴᠠᠭᠠᠨ᠎ᠤ ᠦᠨᠳᠦᠰᠦᠨ ᠠᠮᠢᠳᠤᠷᠠᠯ᠎ᠤᠨ ᠵᠠᠷᠤᠳᠠᠯ ᠥᠭᠬᠦ᠌᠂ ᠳᠠᠳᠤᠯᠭ᠎ᠠ ᠭᠢᠭᠰᠡᠳ᠎ᠲᠦ ᠪᠡᠶ᠎ᠡ ᠮᠠᠬᠠᠪᠤᠳ᠎ᠤᠨ ᠰᠠᠨᠠᠭᠠᠨ᠎ᠳᠤ ᠦᠭᠡᠶ ᠭᠡᠮᠲᠦᠯ᠎ᠦᠨ ᠳᠠᠭᠠᠳᠬᠠᠯ᠎ᠳᠦ ᠤᠷᠤᠭᠤᠯᠬᠤ ᠵᠢᠴᠢ ᠳᠠᠳᠤᠯᠭ᠎ᠠ ᠭᠢᠭᠰᠡᠳᠢ ᠵᠢᠯᠣᠭᠣᠳᠴᠤ᠌ ᠬᠠᠮᠢᠶᠠᠷᠬᠤ ᠵᠠᠷᠤᠳᠠᠯ᠎ᠳᠦ ᠬᠡᠷᠡᠭᠯᠡᠨ᠎ᠡ᠃
ᠳᠠᠳᠤᠯᠭ᠎ᠠ᠎ᠶᠢᠨ ᠬᠤᠭᠤᠴᠠᠭ᠎ᠠ ᠨᠢ ᠳᠠᠭᠤᠰᠤᠭᠠᠳᠤᠶ ᠳᠠᠳᠤᠯᠭ᠎ᠠ ᠬᠢᠭᠰᠡᠳ᠎ᠲᠡᠶ ᠬᠥᠳᠡᠯᠮᠦᠷᠢ᠎ᠶᠢᠨ ᠭᠡᠷ᠎ᠡ ᠲᠣᠭᠲᠠᠭᠰᠠᠨ ᠪᠠᠶ᠋ᠢᠪᠠᠯ᠂ ᠦᠯᠡᠳᠡᠭᠰᠡᠨ ᠬᠤᠭᠤᠴᠠᠭᠠᠨ᠎ᠤ ᠳᠠᠳᠤᠯᠭ᠎ᠠ᠎ᠶᠢᠨ ᠨᠥᠬᠥᠪᠥᠷᠢ ᠵᠢ ᠥᠭᠴᠦ᠍ ᠪᠣᠯᠤᠨ᠎ᠠ᠃
ᠢᠷᠡᠯᠲᠡ᠄ ᠲᠥᠪ ᠲᠧᠯᠸᠢᠰ᠎ᠦᠨ ᠡᠳ᠋᠎ᠦᠨ ᠵᠠᠰᠠᠭ ᠠᠵᠤ ᠠᠬᠤᠶ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃