2026-11-18 11:49:05
11 ᠰᠠᠷ᠎ᠠ᠎ᠶᠢᠨ 16 ᠤ ᠡᠳᠦᠷ᠂ ᠰᠤᠷᠪᠤᠯᠵᠢᠯᠠᠭᠴᠢ ᠤᠷᠠᠳ᠎ᠤᠨ ᠭᠢᠯᠢ ᠵᠢᠨ ᠪᠣᠭᠣᠮᠲᠠ ᠡᠴᠠ ᠣᠶ᠋ᠢᠯᠠᠭᠠᠭᠰᠠᠨ᠎ᠢᠶᠠᠷ᠂ ᠡᠨᠡ ᠵᠢᠯ᠎ᠦᠨ ᠲᠦᠷᠦᠭᠦᠦ 10 ᠰᠠᠷ᠎ᠠ᠎ᠳᠤ᠂ ᠪᠠᠶᠠᠨᠨᠠᠭᠤᠷ ᠬᠣᠲᠠ᠎ᠶᠢᠨ ᠭᠠᠭᠴᠠᠮᠤᠳᠤ ᠬᠢᠯᠢ ᠵᠢᠨ ᠪᠣᠭᠣᠮᠲᠠ᠎ᠶᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠪᠠᠷᠠᠭ᠎ᠠ ᠠᠩᠬ᠎ᠠ ᠤᠳᠠᠭ᠎ᠠ 4000 ᠲᠦᠮᠡᠨ ᠲᠣᠨ᠎ᠢ ᠳᠠᠪᠠᠵᠤ᠂ 4015.4 ᠲᠦᠮᠡᠨ ᠲᠣᠨ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 21.9% ᠪᠠᠷ ᠨᠡᠮᠡᠭᠳᠡᠵᠦ᠍᠂ ᠪᠠᠷᠠᠭᠠᠨ᠎ᠤ ᠥᠷᠲᠡᠭ 690.5 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ 46.2% ᠢᠶᠠᠷ ᠨᠡᠮᠡᠭᠳᠡᠵᠦ᠍᠂ ᠲᠣᠭ᠎ᠠ ᠬᠡᠮᠵᠢᠶ᠎ᠡ᠎ᠨᠢ ᠴᠥᠮ ᠲᠡᠦᠬᠡ᠎ᠶᠢᠨ ᠠᠳᠠᠯᠢ ᠬᠤᠭᠤᠴᠠᠭᠠᠨ᠎ᠤ ᠰᠢᠨ᠎ᠡ ᠲᠡᠮᠳᠡᠭᠯᠡᠯ᠎ᠢ ᠡᠭᠦᠳᠪᠡ᠃
ᠭᠠᠭᠴᠠᠮᠣᠳᠣ ᠬᠢᠯᠢ ᠵᠢᠨ ᠪᠣᠭᠣᠮᠲᠠ ᠨᠢ ᠠᠭᠤᠷᠬᠠᠶ᠎ᠶᠢᠨ ᠭᠠᠷᠤᠯᠲᠠ᠎ᠶᠢᠨ ᠡᠬᠢ ᠪᠠᠶᠠᠯᠢᠭ᠎ᠢᠶᠠᠷ ᠡᠯᠪᠡᠭ ᠪᠠᠶᠠᠯᠢᠭ᠂ ᠮᠣᠩᠭᠣᠯ ᠤᠯᠤᠰ᠎ᠤᠨ ᠡᠮᠦᠨᠡᠲᠦ᠍ ᠭᠣᠪᠢ ᠮᠤᠵᠢ᠎ᠲᠠᠶ ᠬᠢᠯᠢ ᠨᠡᠢᠯᠡᠵᠦ᠂ ᠮᠠᠨ᠎ᠤ ᠤᠯᠤᠰ᠎ᠤᠨ ᠮᠣᠩᠭᠣᠯ ᠤᠯᠤᠰ᠎ᠲᠤ᠌ ᠪᠠᠷᠠᠭ᠎ᠠ ᠲᠡᠭᠡᠭᠡᠪᠦᠷᠢᠯᠡᠬᠦ᠌ ᠬᠡᠮᠵᠢᠶ᠎ᠡ᠎ᠪᠡᠷ ᠬᠠᠮᠤᠭ᠎ᠤᠨ ᠶᠡᠬᠡ ᠵᠠᠰᠠᠮᠠᠯ ᠵᠠᠮ᠎ᠤᠨ ᠪᠣᠭᠣᠮᠲᠠ ᠪᠣᠯᠤᠨ᠎ᠠ᠂ ᠭᠤᠤᠯᠳᠠᠭᠤ ᠨᠡᠭᠦᠷᠡᠰᠦ᠂ ᠵᠡᠰ᠎ᠦᠨ ᠣᠬᠢ ᠬᠦᠳᠡᠷ ᠵᠡᠷᠭᠡ ᠠᠭᠤᠷᠬᠠᠶ᠎ᠶᠢᠨ ᠭᠠᠷᠤᠯᠲᠠ᠎ᠶᠢ ᠭᠠᠳᠠᠭᠠᠳᠤ᠎ᠠᠴᠠ ᠣᠷᠣᠭᠤᠯᠵᠤ᠂ ᠭᠠᠳᠠᠭᠠᠳᠤ᠎ᠳᠤ ᠭᠠᠷᠭᠠᠬᠤ ᠬᠦᠨᠳᠦ ᠬᠡᠯᠪᠡᠷᠢ ᠶᠢᠨ ᠢᠨᠵᠧᠨᠧᠷᠢᠩ᠎ᠦᠨ ᠥᠪᠡᠰᠦᠪᠡᠨ ᠪᠠᠭᠤᠯᠭᠠᠬᠤ ᠲᠡᠷᠭᠡ᠂ ᠪᠠᠷᠢᠯᠭ᠎ᠠ ᠵᠢᠨ ᠮᠠᠲ᠋ᠧᠷᠢᠶᠠᠯ᠂ ᠴᠠᠬᠢᠯᠭᠠᠨ ᠬᠦᠴᠦᠨ ᠪᠠ ᠵᠢᠮᠢᠰ ᠨᠣᠭᠣᠭ᠎ᠠ ᠵᠡᠷᠭᠡ ᠲᠠᠸᠠᠷ᠎ᠢ ᠭᠠᠳᠠᠭᠠᠳᠤ᠎ᠳᠤ ᠭᠠᠷᠭᠠᠳᠠᠭ᠃ ᠲᠣᠰ ᠬᠢᠯᠢ᠎ᠶᠢᠨ ᠪᠣᠭᠣᠮᠲᠠ᠎ᠨᠢ ᠤᠯᠤᠰ᠎ᠤᠨ ᠴᠢᠬᠤᠯᠠ ᠡᠨᠧᠷᠭᠢ᠎ᠶᠢᠨ ᠨᠡᠪᠲᠡᠷᠡᠯ ᠵᠠᠮ᠎ᠤᠨ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢ ᠲᠣᠭᠲᠠᠭᠠᠯᠲᠠ᠎ᠳᠤ ᠰᠠᠭᠤᠷᠢᠯᠠᠨ᠂《ᠠᠷᠪᠠᠳᠤᠭᠠᠷ ᠲᠠᠪᠤᠨ ᠵᠢᠯ》᠎ᠤᠨ ᠬᠤᠭᠤᠴᠠᠭᠠᠨ᠎ᠳᠠᠬᠢ 《ᠤᠶᠤᠨᠲᠤ᠌ ᠬᠢᠯᠢ᠎ᠶᠢᠨ ᠪᠣᠭᠣᠮᠲᠠ》 ᠵᠢᠨ ᠪᠥᠲᠥᠭᠡᠨ ᠪᠠᠶ᠋ᠢᠭᠤᠯᠤᠯᠲᠠ᠎ᠶᠢᠨ ᠭᠤᠤᠯᠳᠠᠯᠭ᠎ᠠ᠎ᠲᠠᠶ ᠨᠢᠭᠡᠴᠢ ᠪᠣᠯᠤᠭᠰᠠᠨ᠎ᠤ ᠬᠤᠪᠢ᠎ᠳᠤ᠂ ᠪᠣᠭᠣᠮᠲᠠ᠎ᠪᠠᠷ ᠥᠩᠭᠡᠷᠡᠬᠦ᠌ ᠦᠷ᠎ᠡ ᠪᠦᠲᠦᠮᠵᠢ ᠪᠠ ᠪᠠᠷᠠᠭ᠎ᠠ ᠥᠩᠭᠡᠷᠡᠭᠦᠯᠬᠦ᠌ ᠴᠢᠳᠠᠪᠤᠷᠢ ᠶᠢᠨ ᠲᠠᠰ ᠢ ᠲᠠᠰᠤᠷᠠᠯᠲᠠ ᠥᠬᠡᠶ ᠳᠡᠭᠡᠭᠰᠢᠯᠡᠭᠦᠯᠵᠦ᠍᠂ ᠮᠠᠨ᠎ᠤ ᠤᠯᠤᠰ᠎ᠤᠨ ᠬᠡᠤᠷᠡᠰᠢᠭᠦᠯᠦᠭᠰᠡᠨ ᠨᠠᠭᠦᠷᠡᠰᠦ᠎ᠶᠢ ᠲᠣᠭᠲᠠᠭᠤᠨ᠎ᠢᠶᠠᠷ ᠬᠠᠩᠭᠠᠬᠤ ᠪᠠ ᠵᠡᠰ᠎ᠦᠨ ᠣᠬᠢ ᠠᠭᠤᠷᠬᠠᠶ ᠶᠢ ᠣᠯᠠᠨ ᠡᠰᠢᠵᠢᠭᠦᠯᠦᠨ ᠭᠠᠳᠠᠭᠠᠳᠤ᠎ᠠᠴᠠ ᠣᠷᠣᠭᠤᠯᠬᠤ᠎ᠳᠤ ᠪᠠᠲᠤ᠌ ᠪᠠᠬᠢ ᠲᠤᠯᠭᠠᠭᠤᠷᠢᠯᠠᠯ ᠬᠠᠩᠭᠠᠪᠠ᠃
ᠣᠶ᠋ᠢᠯᠠᠭᠠᠭᠰᠠᠨ᠎ᠢᠶᠠᠷ᠂ ᠤᠷᠠᠳ᠎ᠤᠨ ᠬᠢᠯᠢ᠎ᠶᠢᠨ ᠪᠣᠭᠣᠮᠲᠠ ᠣᠶᠤᠨᠳᠦ ᠺᠠᠷᠲ᠎ᠢᠶᠠᠷ ᠰᠢᠯᠭᠠᠨ ᠥᠩᠭᠡᠷᠡᠭᠦᠯᠬᠦ᠌᠂ ᠬᠢᠯᠢ ᠠᠯᠤᠰᠯᠠᠭᠰᠠᠨ AGV ᠲᠡᠭᠡᠭᠡᠪᠦᠷᠢ᠎ᠶᠢᠨ ᠣᠶᠤᠨᠴᠢ ᠪᠠᠷ ᠬᠠᠷᠭᠤᠭᠤᠯᠤᠨ ᠨᠡᠪᠲᠡᠷᠡᠭᠦᠯᠬᠦ᠌᠂ ᠡᠵᠡᠮᠳᠡᠯ᠎ᠦᠨ ᠲᠡᠷᠭᠡ ᠬᠥᠰᠬᠡ᠎ᠶᠢ ᠪᠠᠶ᠋ᠢᠳᠠᠯ᠎ᠳᠤᠨᠢ ᠲᠣᠬᠢᠷᠠᠭᠤᠯᠤᠨ ᠮᠠᠰᠢᠨ ᠵᠢᠠᠷ ᠰᠢᠯᠭᠠᠨ ᠪᠠᠶ᠋ᠢᠴᠠᠭᠠᠬᠤ ᠵᠡᠷᠭᠡ ᠣᠶᠤᠨᠴᠢ ᠬᠢᠨᠠᠯᠲᠠ ᠬᠠᠮᠢᠶᠠᠷᠤᠯᠲᠠ᠎ᠶᠢᠨ ᠠᠷᠭ᠎ᠠ ᠪᠠᠷᠢᠯ᠎ᠢ ᠭᠦᠨᠵᠡᠭᠡᠶ᠋ᠢᠷᠡᠭᠦᠯᠦᠨ ᠬᠡᠷᠡᠭᠯᠡᠵᠦ᠍᠂ ᠲᠤᠬᠠᠶ᠎ᠶᠢᠨ ᠲᠠᠯᠠᠪᠤᠷ᠎ᠲᠤ᠌ ᠲᠣᠬᠢᠷᠠᠭᠤᠯᠬᠤ ᠪᠠ ᠠᠵᠢᠯᠯᠠᠭᠤᠯᠵᠤ ᠡᠵᠡᠮᠳᠡᠬᠦ᠌ ᠴᠢᠳᠠᠪᠤᠷᠢ᠎ᠪᠠᠨ ᠴᠢᠩᠭᠠᠳᠬᠠᠪᠠ; ᠭᠤᠶᠤᠴᠢᠯᠠᠨ ᠮᠡᠳᠡᠭᠦᠯᠬᠦ᠌᠎ᠶᠢ ᠭᠥᠯᠢᠶᠡᠨ ᠠᠪᠴᠤ᠌ ᠰᠢᠢᠳᠪᠦᠷᠢᠯᠡᠬᠦ᠌᠂ ᠡᠳ᠋ ᠪᠠᠷᠠᠭ᠎ᠠ᠎ᠶᠢ ᠪᠠᠶ᠋ᠢᠴᠠᠭᠠᠨ ᠰᠢᠯᠭᠠᠬᠤ᠂ ᠪᠣᠳᠠᠲᠤ᠌ ᠪᠠᠷᠠᠭ᠎ᠠ᠎ᠶᠢ ᠭᠠᠳᠠᠭᠰᠢ ᠲᠣᠬᠢᠷᠠᠭᠤᠯᠬᠤ ᠵᠡᠷᠭᠡ ᠲᠤᠬᠠᠶ᠋ᠢᠯᠠᠭᠰᠠᠨ ᠠᠵᠢᠯ᠎ᠤᠨ ᠴᠤᠪᠤᠷᠠᠯ ᠢ ᠰᠢᠯᠢᠳᠡᠭᠵᠢᠭᠦᠯᠦᠨ᠂ ᠭᠠᠳᠠᠭᠠᠳᠤ ᠠᠷᠠᠯᠵᠢᠶᠠᠨ᠎ᠤ ᠠᠵᠤ ᠠᠬᠤᠶ᠋ᠢᠯᠠᠯ᠎ᠳᠤ ᠪᠣᠭᠣᠮᠲᠠ ᠥᠩᠭᠡᠷᠡᠬᠦ᠌ ᠨᠠᠩ ᠥᠨᠳᠥᠷ ᠪᠦᠲᠦᠮᠵᠢᠲᠡᠶ᠂ ᠳᠥᠭᠥᠮ ᠳᠥᠲᠡ ᠣᠷᠴᠢᠨ ᠨᠥᠬᠥᠴᠡᠯ᠎ᠢ ᠪᠣᠶ ᠪᠣᠯᠭᠠᠵᠤ ᠥᠭᠭᠦᠵᠠᠢ᠃ ᠡᠭᠦᠨ᠎ᠦ ᠬᠠᠮᠲᠤ᠌᠂ ᠳᠤᠮᠳᠠᠳᠤ ᠮᠣᠩᠭᠣᠯ᠎ᠤᠨ ᠬᠣᠶᠠᠳᠡᠭᠢ ᠬᠢᠯᠢ ᠠᠯᠤᠰᠯᠠᠭᠰᠠᠨ ᠲᠡᠮᠦᠷ ᠵᠠᠮ᠎ᠤᠨ ᠪᠥᠲᠥᠭᠡᠨ ᠪᠠᠶ᠋ᠢᠭᠤᠯᠤᠯᠲᠠ᠎ᠶᠢᠨ ᠲᠥᠷᠥᠯ ᠵᠦᠢᠯ᠎ᠢ ᠲᠦᠷᠭᠡᠳᠬᠡᠨ ᠠᠬᠢᠭᠤᠯᠬᠤ᠎ᠶᠢ ᠪᠥᠬᠥ᠌ ᠬᠦᠴᠦᠨ᠎ᠢᠶᠡᠷ᠎ᠢᠶᠡᠨ ᠪᠠᠲᠤᠯᠠᠵᠤ᠂ ᠵᠠᠰᠠᠮᠠᠯ ᠵᠠᠮ ᠲᠡᠮᠦᠷ ᠵᠠᠮ᠎ᠤᠨ ᠬᠠᠮᠲᠤᠷᠠᠭᠰᠠᠨ ᠲᠡᠭᠡᠭᠡᠪᠦᠷᠢ᠎ᠶᠢᠨ ᠰᠢᠨ᠎ᠡ ᠵᠠᠭᠪᠤᠷ᠎ᠢ ᠪᠠᠶ᠋ᠢᠭᠤᠯᠬᠤ᠎ᠳᠤ ᠬᠦᠴᠦᠨ ᠨᠡᠮᠡᠷᠢᠯᠡᠵᠦ᠍᠂ ᠨᠡᠭᠡᠭᠡᠯᠲᠡ᠎ᠶᠢᠨ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠍᠂ ᠭᠠᠳᠠᠭᠠᠳᠤ ᠠᠷᠠᠯᠵᠢᠶᠠᠨ᠎ᠤ ᠬᠡᠮᠵᠢᠶ᠎ᠡ᠎ᠶᠢ ᠥᠷᠭᠡᠳᠬᠡᠭᠦ ᠪᠡᠷ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃