2026-11-18 11:17:33
ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠡᠴᠡ ᠰᠤᠷᠭᠠᠨ ᠬᠥᠮᠦᠵᠢᠯ᠎ᠦᠨ ᠶᠠᠮᠤᠨ᠂ ᠤᠯᠤᠰ᠎ᠤᠨ ᠬᠢᠲᠠᠳ ᠡᠮ ᠡᠮᠨᠡᠯᠭᠡ᠎ᠶᠢᠨ ᠲᠣᠪᠴᠢᠶ᠎ᠠ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠣᠪᠴᠢᠶ᠎ᠠ᠎ᠲᠠᠢ ᠬᠠᠮᠲᠤᠷᠠᠨ 16 ᠤ ᠡᠳᠦᠷ 《ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠦᠨ ᠡᠷᠡᠭᠦᠯ ᠮᠡᠨᠳᠦ ᠵᠢᠨ ᠳᠡᠳ᠋ ᠰᠤᠷᠭᠠᠭᠤᠯᠢ (ᠴᠡᠴᠡᠷᠯᠢᠭ) ᠵᠢᠨ ᠵᠠᠬᠢᠷᠤᠯ᠎ᠢ ᠤᠷᠢᠨ ᠲᠣᠮᠢᠯᠠᠬᠤ ᠪᠠ ᠬᠠᠮᠢᠶᠠᠷᠬᠤ ᠠᠵᠢᠯ᠎ᠢ ᠰᠠᠢᠲᠤᠷ ᠬᠢᠬᠦ ᠲᠤᠬᠠᠢ ᠮᠡᠳᠡᠭᠳᠡᠯ》 ᠢ ᠳᠠᠷᠤᠮᠠᠯᠯᠠᠨ ᠲᠠᠷᠬᠠᠭᠠᠵᠤ᠂ ᠬᠡᠦᠬᠡᠳ ᠵᠠᠯᠠᠭᠤᠴᠤᠳ ᠪᠠᠭᠠᠴᠤᠳ᠎ᠤᠨ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠦᠢᠯᠡᠴᠢᠯᠡᠭᠡᠨ᠎ᠦ ᠪᠣᠭᠣᠮᠲᠠ᠎ᠶᠢ ᠤᠷᠤᠭᠰᠢᠯᠠᠭᠤᠯᠬᠤ ᠵᠢ ᠠᠬᠢᠭᠤᠯᠬᠤ᠎ᠪᠠᠷ ᠪᠠᠢᠨ᠎ᠠ᠃
《ᠮᠡᠳᠡᠭᠳᠡᠯ》᠎ᠳᠤ᠂ ᠡᠷᠡᠭᠦᠯ ᠮᠡᠨᠳᠦ᠎ᠶᠢᠨ ᠳᠡᠳ᠋ ᠰᠤᠷᠭᠠᠭᠤᠯᠢ (ᠴᠡᠴᠡᠷᠯᠢᠭ)᠎ᠶᠢᠨ ᠵᠠᠬᠢᠷᠤᠯ ᠪᠣᠯ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ(ᠬᠢᠲᠠᠳ ᠡᠮ ᠡᠮᠨᠡᠯᠭᠡ᠂ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠᠭᠲᠠᠨ᠎ᠠ)᠂ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠵᠣᠬᠢᠶᠠᠨ ᠪᠠᠢᠭᠤᠯᠤᠨ ᠵᠢᠯᠤᠭᠣᠳᠴᠤ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠵᠡᠷᠭᠡ᠎ᠡᠴᠡ ᠲᠣᠮᠢᠯᠠᠨ᠂ ᠰᠤᠷᠭᠠᠭᠤᠯᠢ᠎ᠠᠴᠠ ᠤᠷᠢᠨ ᠲᠣᠮᠢᠯᠠᠵᠤ᠂ ᠰᠤᠷᠭᠠᠭᠤᠯᠢ᠎ᠳᠤ ᠳᠡᠳ᠋ ᠰᠤᠷᠭᠠᠭᠤᠯᠢ (ᠴᠡᠴᠡᠷᠯᠢᠭ) ᠵᠢᠨ ᠵᠠᠬᠢᠷᠤᠯ᠎ᠤᠨ ᠲᠤᠰᠢᠶᠠᠯ᠎ᠢ ᠬᠠᠪᠰᠤᠷᠭᠠᠨ ᠡᠭᠦᠷᠭᠡᠯᠡᠵᠦ᠂ 《ᠡᠷᠡᠭᠦᠯ ᠮᠡᠨᠳᠦ᠎ᠶᠢ ᠲᠡᠷᠢᠭᠦᠨ᠎ᠳᠦ ᠲᠠᠯᠪᠢᠬᠤ》 ᠰᠤᠷᠭᠠᠨ ᠬᠥᠮᠦᠵᠢᠯ᠎ᠦᠨ ᠣᠢᠯᠠᠭᠠᠭᠳᠠᠬᠤᠨ᠎ᠢ ᠨᠠᠢᠳᠠᠪᠤᠷᠢᠵᠢᠭᠤᠯᠬᠤ᠎ᠳᠤ ᠬᠦᠴᠦᠨ ᠨᠡᠮᠡᠷᠢᠯᠡᠵᠦ᠂ ᠰᠤᠷᠭᠠᠭᠤᠯᠢ᠎ᠶᠢᠨ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ᠎ᠶᠢ ᠠᠬᠢᠭᠤᠯᠬᠤ ᠲᠤᠰᠬᠠᠢ ᠮᠡᠷᠭᠡᠵᠢᠯ᠎ᠦᠨ ᠠᠵᠢᠯᠲᠠᠨ ᠪᠣᠯᠣᠨ᠎ᠠ᠃
ᠡᠷᠡᠭᠦᠯ ᠮᠡᠨᠳᠦ᠎ᠶᠢᠨ ᠳᠡᠳ᠋ ᠰᠤᠷᠭᠠᠭᠤᠯᠢ (ᠴᠡᠴᠡᠷᠯᠢᠭ )᠎ᠶᠢᠨ ᠵᠠᠬᠢᠷᠤᠯ ᠨᠢ ᠠᠯᠪᠠᠨ ᠭᠡᠷ ᠲᠤ᠌ ᠰᠠᠭᠤᠵᠤ ᠠᠵᠢᠯᠯᠠᠬᠤ ᠬᠡᠷᠡᠭ ᠦᠭᠡᠢ᠂ ᠰᠤᠷᠭᠠᠭᠤᠯᠢ᠎ᠶᠢᠨ ᠣᠷᠣᠨ ᠲᠣᠭ᠎ᠠ᠎ᠶᠢ ᠡᠵᠡᠯᠡᠨ ᠬᠡᠷᠡᠭᠯᠡᠬᠦ ᠦᠭᠡᠢ᠃ ᠡᠷᠡᠭᠦᠯ ᠮᠡᠨᠳᠦ᠎ᠶᠢᠨ ᠳᠡᠳ᠋ ᠰᠤᠷᠭᠠᠭᠤᠯᠢ (ᠴᠡᠴᠡᠷᠯᠢᠭ)ᠵᠢᠨ ᠵᠠᠬᠢᠷᠤᠯ᠎ᠤᠨ ᠠᠵᠢᠯ᠎ᠤᠨ ᠠᠭᠤᠯᠭ᠎ᠠ᠎ᠳᠤ ᠡᠷᠡᠭᠦᠯ ᠡᠩᠬᠡᠰᠤᠷᠭᠠᠭᠤᠯᠢᠶᠢᠨ ᠪᠦᠲᠦᠭᠡᠨ ᠪᠠᠢᠭᠤᠯᠤᠯᠲᠠ᠎ᠶᠢ ᠬᠠᠮᠵᠢᠨ ᠠᠬᠢᠭᠤᠯᠬᠤ᠂ ᠬᠡᠦᠬᠡᠳ ᠵᠠᠯᠠᠭᠤᠴᠤᠳ ᠪᠠᠭᠠᠴᠤᠳ᠎ᠤᠨ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢ ᠵᠢᠯᠤᠭᠣᠳᠬᠤ᠂ ᠡᠷᠡᠭᠦᠯ ᠮᠡᠨᠳᠦ᠎ᠶᠢᠨ ᠬᠥᠮᠦᠵᠢᠯ ᠬᠢᠭᠡᠳ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠤᠬᠠᠭᠤᠯᠭ᠎ᠠ᠎ᠶᠢ ᠥᠷᠨᠢᠭᠦᠯᠬᠦ᠂ ᠪᠠᠭ᠍ᠰᠢ ᠠᠵᠢᠯᠲᠠᠨ᠎ᠤ ᠲᠤᠬᠠᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠶᠢ ᠪᠠᠭᠲᠠᠭᠠᠨ᠎ᠠ᠃
ᠡᠷᠡᠭᠦᠯ ᠮᠡᠨᠳᠦ᠎ᠶᠢᠨ ᠳᠡᠳ᠋ ᠰᠤᠷᠭᠠᠭᠤᠯᠢ(ᠴᠡᠴᠡᠷᠯᠢᠭ)᠎ᠶᠢᠨ ᠵᠠᠬᠢᠷᠤᠯ ᠨᠢ ᠰᠤᠷᠤᠯᠭ᠎ᠠ᠎ᠶᠢᠨ ᠬᠤᠭᠤᠴᠠᠭ᠎ᠠ ᠪᠦᠷᠢ ᠰᠤᠷᠭᠠᠭᠤᠯᠢ᠎ᠳᠤ ᠬᠦᠷᠴᠦ ᠲᠤᠬᠠᠢ᠎ᠶᠢᠨ ᠭᠠᠵᠠᠷ ᠲᠤᠨᠢ 4 ᠤᠳᠠᠭ᠎ᠠ᠎ᠠᠴᠠ ᠳᠤᠲᠠᠭᠤ ᠦᠭᠡᠢ ᠵᠢᠯᠣᠭᠣᠳᠤᠯᠭ᠎ᠠ ᠬᠢᠵᠦ᠂ ᠡᠷᠡᠭᠦᠯ ᠮᠡᠨᠳᠦ᠎ᠶᠢᠨ ᠲᠤᠬᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠵᠢ 2 ᠤᠳᠠᠭ᠎ᠠ᠎ᠠᠴᠠ ᠳᠤᠲᠠᠭᠤ ᠦᠭᠡᠢ ᠵᠣᠬᠢᠶᠠᠨ ᠪᠠᠢᠭᠤᠯᠵᠤ᠂ ᠰᠤᠷᠤᠯᠭ᠎ᠠ᠎ᠶᠢᠨ ᠬᠤᠭᠤᠴᠠᠭ᠎ᠠ ᠪᠦᠷᠢ ᠰᠤᠷᠭᠠᠭᠤᠯᠢ᠎ᠳᠤ ᠬᠦᠷᠴᠦ ᠲᠤᠰᠬᠠᠢ ᠰᠡᠳᠦᠪᠲᠦ ᠬᠤᠷᠠᠯ᠎ᠳᠤ 1 ᠤᠳᠠᠭ᠎ᠠ ᠣᠷᠣᠯᠴᠠᠵᠤ᠂ ᠰᠤᠷᠭᠠᠭᠤᠯᠢ᠎ᠶᠢᠨ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠣᠷᠣᠯᠴᠠᠬᠤ ᠬᠡᠷᠡᠭᠲᠡᠢ᠃
《ᠮᠡᠳᠡᠭᠳᠡᠯ》᠎ᠳᠤ ᠡᠯ᠎ᠡ ᠭᠠᠵᠠᠷ᠎ᠤᠨ ᠬᠢᠨ ᠡᠷᠬᠡᠪᠰᠢ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠠᠵᠢᠯ ᠤᠨ ᠱᠠᠭᠠᠷᠳᠠᠯᠭ᠎ᠠ ᠪᠠᠨ ᠨᠠᠷᠢᠯᠢᠭ᠍ᠵᠢᠭᠤᠯᠵᠤ᠂ ᠠᠵᠢᠯ᠎ᠤᠨ ᠠᠷᠭ᠎ᠠ ᠬᠡᠮᠵᠢᠶ᠎ᠡ᠎ᠪᠡᠨ ᠲᠡᠭᠦᠯᠳᠡᠷᠵᠢᠭᠦᠯᠦᠨ᠂ ᠡᠷᠡᠭᠦᠯ ᠮᠡᠨᠳᠦ᠎ᠶᠢᠨ ᠳᠡᠳ᠋ ᠰᠤᠷᠭᠠᠭᠤᠯᠢ(ᠴᠡᠴᠡᠷᠯᠢᠭ)ᠵᠢᠨ ᠵᠠᠬᠢᠷᠤᠯ᠎ᠢ ᠰᠣᠩᠭᠣᠨ ᠤᠷᠢᠬᠤ᠂ ᠪᠣᠯᠪᠠᠰᠤᠷᠠᠭᠤᠯᠬᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠬᠠᠮᠢᠶᠠᠷᠤᠯᠲᠠ᠂ ᠬᠢᠨᠠᠨ ᠰᠢᠯᠭᠠᠵᠤ ᠦᠨᠡᠯᠡᠬᠦ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠦᠷᠢᠮ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠦᠷᠭᠦᠯᠵᠢᠯᠡᠨ ᠠᠬᠢᠭᠤᠯᠵᠤ᠂ ᠬᠡᠦᠬᠡᠳ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ ᠦᠰᠦᠨ ᠪᠣᠢᠵᠢᠬᠤ᠎ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
(ᠢᠷᠡᠯᠲᠡ ᠄ ᠲᠥᠪ ᠲᠧᠯᠸᠢᠰ᠎ᠦᠨ ᠰᠣᠨᠢᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃