2026-11-18 11:15:34
11 ᠰᠠᠷ᠎ᠠ᠎ᠶᠢᠨ 16 ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭᠠᠵᠠ᠎ᠶᠢᠨ ᠬᠣᠷᠢᠶᠠᠨ᠎ᠤ ᠪᠦᠲᠦᠭᠡᠨ ᠪᠠᠢᠭᠤᠯᠤᠬᠰᠠᠨ 《ᠠᠮᠤᠷ ᠠᠮᠤᠭᠤᠯᠠᠩ ᠺᠣᠳ᠋》 ᠣᠯᠠᠨ ᠲᠦᠮᠡᠨ᠎ᠤ ᠠᠰᠠᠭᠤᠳᠠᠯ᠎ᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠰᠢᠯᠵᠢᠶ᠎ᠡ ᠵᠢ ᠪᠥᠬᠥ ᠣᠷᠣᠨ᠎ᠳᠤ ᠵᠢᠩᠬᠢᠨᠢ᠎ᠪᠡᠷ ᠰᠦᠯᠵᠢᠶᠡᠨ᠎ᠳᠦ ᠭᠠᠷᠭᠠᠨ ᠠᠰᠢᠬᠯᠠᠯᠲᠠ ᠳ᠋ᠤ ᠤᠷᠤᠭᠤᠯᠵᠤ᠂ ᠲᠣᠭᠠᠴᠢᠯᠠᠭᠰᠠᠨ ᠥᠭᠡᠷᠡᠴᠢᠯᠡᠯᠲᠡ᠎ᠪᠡᠷ ᠦᠨᠳᠦᠰᠦᠨ ᠱᠠᠲᠤᠨ᠎ᠤ ᠵᠠᠰᠠᠯᠲᠠ᠎ᠶᠢᠨ ᠰᠢᠰᠲᠧᠮ ᠪᠠ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠳᠤ ᠬᠦᠴᠦᠨ ᠣᠯᠭᠣᠵᠤ᠂ ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠥᠪᠥᠷ ᠮᠣᠩᠭᠣᠯ᠂ ᠬᠠᠤᠯᠢ ᠪᠡᠷ ᠵᠠᠰᠠᠬᠤ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃
《ᠠᠮᠤᠷ ᠠᠮᠤᠭᠤᠯᠠᠩ ᠺᠣᠳ᠋》᠎ᠨᠢ ᠤᠯᠤᠰ ᠲᠥᠷᠥ ᠬᠠᠤᠯᠢ ᠴᠠᠭᠠᠵᠠ᠎ᠶᠢᠨ ᠪᠠᠢᠭᠤᠯᠭ᠎ᠠ ᠵᠢᠨ ᠣᠯᠠᠨ ᠲᠦᠮᠡᠨ᠎ᠲᠠᠢ ᠬᠠᠷᠢᠯᠴᠠᠵᠤ ᠣᠯᠠᠨ ᠲᠦᠮᠡᠨ᠎ᠳ᠋ᠤ ᠦᠢᠯᠡᠴᠢᠯᠡᠬᠦ ᠬᠥᠭᠥᠷᠭᠡ ᠬᠣᠯᠪᠣᠭᠠᠰᠤ᠎ᠶᠢ ᠴᠣᠭᠴᠠᠯᠠᠵᠤ᠂ ᠥᠪᠥᠷ ᠮᠣᠩᠭᠣᠯ᠎ᠤᠨ ᠦᠨᠳᠦᠰᠦᠨ ᠱᠠᠲᠤᠨ᠎ᠤ ᠵᠠᠰᠠᠯᠲᠠ᠎ᠶᠢᠨ ᠰᠢᠨ᠎ᠡ᠎ᠶᠢ ᠡᠭᠦᠳᠬᠦ᠎ᠶᠢ ᠭᠦᠨᠵᠡᠭᠡᠢᠷᠡᠭᠦᠯᠬᠦ᠂ ᠠᠷᠠᠳ᠎ᠤᠨ ᠲᠥᠯᠥᠭᠡ ᠬᠠᠤᠯᠢ ᠬᠡᠷᠡᠭᠵᠢᠭᠦᠯᠬᠦ ᠤᠢᠯᠠᠭᠠᠬᠳᠠᠬᠤᠨ ᠢ ᠦᠢᠯᠡᠳᠦᠯᠭᠡᠵᠢᠭᠦᠯᠬᠦ ᠴᠢᠬᠤᠯᠠ ᠲᠣᠭᠠᠴᠢᠯᠠᠭᠰᠠᠨ ᠠᠴᠢᠶᠠᠯᠠᠪᠤᠷᠢ ᠪᠠᠢᠵᠤ᠂ ᠭᠠᠵᠠᠷ ᠣᠷᠣᠨ᠎ᠤ ᠵᠠᠰᠠᠯᠲᠠ᠎ᠶᠢᠨ ᠪᠣᠳᠠᠲᠤ ᠪᠠᠢᠳᠠᠯ᠎ᠳᠤ ᠰᠠᠭᠤᠷᠢᠯᠠᠨ᠂ ᠣᠯᠠᠨ ᠲᠦᠮᠡᠨ᠎ᠦ ᠪᠣᠳᠠᠲᠤ ᠬᠡᠷᠡᠭᠴᠡᠭᠡ ᠳᠦ ᠨᠡᠢᠴᠡᠭᠦᠯᠵᠦ᠂ ᠪᠥᠬᠥᠯᠢ ᠡᠳᠦᠷ᠎ᠦᠨ᠂ ᠪᠦᠬᠦᠨ᠎ᠢ ᠬᠠᠮᠤᠷᠤᠭᠰᠠᠨ᠂ ᠳᠥᠭᠥᠮ ᠳᠥᠲᠡ ᠰᠦᠯᠵᠢᠶᠡᠨ ᠳᠡᠭᠡᠷᠡᠬᠢ ᠬᠦᠰᠡᠯ ᠱᠠᠭᠠᠷᠳᠠᠯᠭ᠎ᠠ ᠦᠢᠯᠡᠴᠢᠯᠡᠭᠡᠨ᠎ᠦ ᠰᠢᠰᠲᠧᠮ᠎ᠢ ᠪᠠᠢᠭᠤᠯᠤᠨ᠎ᠠ᠃
ᠵᠢᠷᠬᠢᠶ᠎ᠡ᠂ ᡁᠢ ᠹᠦ ᠪᠤᠤ᠂ ᠮᠥᠩᠬᠡ ᠰᠤᠪᠠᠭ᠎ᠤᠨ ᠣᠯᠠᠨ ᠡᠰᠢᠲᠦ ᠦᠢᠯᠡᠴᠢᠯᠡᠭᠡᠨ᠎ᠦ ᠦᠵᠦᠭᠦᠷᠯᠢᠭ᠎ᠲᠦ ᠲᠦᠰᠢᠭᠯᠡᠨ᠂ ᠣᠯᠠᠨ ᠲᠦᠮᠡᠨ ᠺᠣᠳ᠋ ᠰᠢᠷᠪᠢᠪᠡᠯ ᠳᠠᠷᠤᠢ ᠰᠢᠰᠲᠧᠮ᠎ᠳᠦ ᠲᠦᠷᠭᠡᠨ ᠣᠷᠣᠵᠤ᠂ ᠪᠡᠶ᠎ᠡ᠎ᠪᠡᠨ ᠳᠠᠭᠠᠭᠠᠵᠤ ᠬᠦᠰᠡᠯ ᠱᠠᠭᠠᠷᠳᠠᠯᠭ᠎ᠠ᠎ᠪᠠᠨ ᠭᠤᠶᠤᠴᠢᠯᠠᠨ ᠮᠡᠳᠡᠭᠦᠯᠵᠦ᠂ ᠴᠠᠭ ᠤᠷᠤᠨ ᠵᠠᠢ᠎ᠶᠢᠨ ᠬᠣᠷᠢᠭ᠎ᠠ ᠰᠠᠭᠠᠳ᠎ᠢ ᠡᠪᠳᠡᠵᠦ᠂ ᠵᠠᠰᠠᠯᠲᠠ᠎ᠶᠢᠨ ᠦᠢᠯᠡᠴᠢᠯᠡᠭᠡ᠎ᠶᠢ ᠪᠡᠶᠡᠯᠡᠭᠦᠯᠵᠦ᠂ ᠠᠷᠠᠳ᠎ᠤᠨ ᠵᠣᠪᠠᠨᠢᠯ᠎ᠢ ᠰᠢᠭᠤᠳ ᠰᠢᠢᠳᠪᠦᠷᠢᠯᠡᠬᠦ ᠪᠤᠯᠤᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃