ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-11-18 11:47:37

ᠵᠣᠬᠢᠶᠠᠭ᠍ᠴᠢ᠄ ​ᠱᠤᠸᠠᠢ ᠵᠧᠩ ᠭᠣᠣ ᠬᠤᠢ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 14 ᠎ᠦ ᠡᠳᠦᠷ᠎ᠡᠴᠡ ᠨᠠᠭᠠᠰᠢ ᠥᠪᠥᠷ ᠮᠣᠩᠭᠣᠯ᠎ᠳᠤ ᠪᠠᠷᠠᠭᠤᠨ᠎ᠠᠴᠠ ᠵᠡᠭᠦᠨᠰᠢ ᠴᠠᠰᠤ ᠣᠷᠣᠵᠤ᠂ ᠬᠡᠰᠡᠭ ᠭᠠᠵᠠᠷ᠎ᠲᠤ᠌ ᠶᠡᠬᠡ ᠴᠠᠰᠤ ᠣᠷᠣᠵᠠᠶ᠃ 16᠎ᠤ ᠡᠳᠦᠷ᠎ᠦᠨ 8 ᠴᠠᠭ ᠪᠣᠯᠲᠠᠯ᠎ᠠ᠂ ᠪᠥᠬᠥ᠌ ᠣᠷᠣᠨ᠎ᠤ 12 ᠠᠶ᠋ᠢᠮᠠᠭ ᠬᠣᠲᠠ᠂ 78 ᠬᠣᠰᠢᠭᠤ ᠰᠢᠶᠠᠨ᠂ 557 ᠥᠷᠲᠡᠭᠡ ᠴᠡᠭ᠎ᠲᠦ᠍ ᠲᠣᠨᠳᠠᠰᠤ ᠪᠠᠭᠤᠵᠤ᠂ ᠰᠢᠯᠢ᠎ᠶᠢᠨ ᠭᠤᠤᠯ ᠠᠶ᠋ᠢᠮᠠᠭ᠎ᠤᠨ ᠰᠢᠯᠤᠭᠤᠨ ᠬᠥᠬᠡ ᠬᠣᠰᠢᠭᠤᠨ᠎ᠤ ᠬᠠᠢᠯᠠᠷ ᠡᠴᠡ ᠴᠢᠭᠤᠯᠤᠯᠳᠦ ᠬᠠᠭᠠᠯᠭ᠎ᠠ ᠭᠦᠷᠭᠦ ᠲᠦᠷᠭᠡᠨ᠎ᠤ ᠵᠠᠰᠠᠮᠠᠯ ᠵᠠᠮ᠎ᠤᠨ K1147 ᠣᠶ᠋ᠢᠷ᠎ᠠ ᠬᠠᠪᠢ᠎ᠶᠢᠨ ᠲᠣᠨᠳᠠᠰᠤᠨ᠎ᠤ ᠬᠡᠮᠵᠢᠶ᠎ᠡ 23.0 ᠮᠢᠯᠢᠮᠧᠲ᠋ᠷ᠎ᠲᠦ᠍ ᠬᠦᠷᠴᠦ᠍᠂ ᠬᠥᠬᠡᠬᠣᠲᠠ᠎ᠶᠢᠨ ᠬᠣᠲᠠ᠎ᠶᠢᠨ ᠲᠣᠭᠣᠷᠢᠭ᠎ᠲᠦ 17.0 ᠮᠢᠯᠢᠮᠧᠲ᠋ᠷ᠎ᠲᠦ᠍ ᠬᠦᠷᠴᠡᠶ᠂ ᠲᠣᠰ ᠤᠳᠠᠭᠠᠨ᠎ᠤ ᠴᠠᠰᠤ ᠪᠣᠯ ᠡᠪᠦᠯ ᠤᠷᠤᠭᠰᠠᠨ᠎ᠠᠴᠠ ᠨᠠᠭᠠᠰᠢᠬᠢ ᠬᠠᠮᠤᠭ᠎ᠤᠨ ᠶᠡᠬᠡ ᠴᠠᠰᠤ ᠪᠣᠯᠤᠨ᠎ᠠ᠃

ᠨᠡᠯᠢᠶᠡᠳ ᠶᠡᠬᠡ ᠴᠠᠰᠤᠨ᠎ᠤ ᠪᠠᠶ᠋ᠢᠳᠠᠯ᠎ᠤᠨ ᠡᠮᠦᠨ᠎ᠡ᠂ ᠥᠪᠥᠷ ᠮᠣᠩᠭᠣᠯ᠎ᠤᠨ ᠴᠠᠭ ᠠᠭᠤᠷ᠂ ᠵᠠᠮ ᠬᠠᠷᠢᠯᠴᠠᠭ᠎ᠠ ᠲᠡᠭᠡᠭᠡᠪᠦᠷᠢ᠂ ᠪᠠᠴᠢᠮ ᠪᠠᠶ᠋ᠢᠳᠠᠯ᠎ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢᠵᠢᠯ ᠠᠯᠬᠤᠮ᠎ᠢᠶᠠᠷ ᠭᠦᠳᠡᠯᠦᠯᠴᠡᠵᠦ᠂ ᠵᠠᠮ ᠬᠠᠷᠢᠯᠴᠠᠭᠠᠨ᠎ᠤ ᠰᠠᠭᠠᠳ ᠥᠬᠡᠶ ᠨᠡᠪᠲᠡᠷᠡᠬᠦ᠌᠂ ᠠᠮᠤᠷ ᠲᠦᠪᠰᠢᠨ᠎ᠢ ᠪᠥᠬᠥ᠌ ᠬᠦᠴᠦᠨ᠎ᠢᠶᠡᠷ᠎ᠢᠶᠡᠨ ᠪᠠᠲᠤᠯᠠᠪᠠ᠃

ᠰᠡᠷᠡᠮᠵᠢᠯᠡᠭᠦᠯᠦᠯ ᠴᠠᠰᠤᠨ ᠡᠴᠡ ᠤᠷᠢᠳ ᠪᠠᠢᠬᠤ ᠵᠢ ᠪᠠᠳᠤᠯᠠᠪᠠ᠃ 15 ᠎ᠤ ᠡᠳᠦᠷ᠎ᠦᠨ 10 ᠴᠠᠭ᠎ᠲᠤ᠌᠂ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠬᠣᠷᠢᠶ᠎ᠠ ᠶᠡᠭᠡ ᠴᠠᠰᠤᠨ᠎ᠤ ᠬᠥᠬᠡ ᠥᠩᠭᠡ᠎ᠶᠢᠨ ᠰᠡᠷᠡᠮᠵᠢ᠎ᠶᠢᠨ ᠳᠣᠬᠢᠶ᠎ᠠ ᠨᠡᠶ᠋ᠢᠲᠡᠯᠡᠵᠦ᠍᠂ ᠬᠡᠰᠡᠭ ᠭᠠᠵᠠᠷ ᠣᠷᠣᠨ᠎ᠳᠤ ᠰᠡᠭᠦᠯᠡᠷ᠎ᠨᠢ ᠰᠢᠷ᠎ᠠ ᠥᠩᠭᠡ ᠪᠣᠯᠵᠣ ᠳᠡᠭᠡᠭᠰᠢᠯᠡᠭᠰᠡᠨ ᠪᠥᠭᠡᠳ ᠵᠠᠮ ᠳᠡᠭᠡᠷ᠎ᠡ ᠮᠥᠰᠥ᠍ ᠬᠥᠯᠳᠡᠬᠦ᠌ ᠰᠡᠷᠡᠮᠵᠢ᠎ᠶᠢᠨ ᠳᠣᠬᠢᠶ᠎ᠠ ᠨᠡᠶ᠋ᠢᠲᠡᠯᠡᠵᠡᠶ᠃ ᠦᠬᠠᠶ ᠬᠣᠲᠠ᠎ᠶᠢᠨ ᠴᠠᠭ ᠠᠭᠤᠷ᠎ᠤᠨ ᠲᠣᠪᠴᠢᠶ᠎ᠠ ᠲᠡᠷᠡ ᠳᠠᠷᠤᠶ᠎ᠳᠤᠨᠢ ᠬᠦᠨᠳᠦ ᠶᠡᠬᠡ ᠴᠠᠭ ᠠᠭᠤᠷ᠎ᠤᠨ ᠭᠠᠮᠰᠢᠭ(ᠶᠡᠬᠡ ᠴᠠᠰᠤ)᠎ᠤᠨ ᠳᠥᠷᠪᠡᠳᠦᠭᠡᠷ ᠳᠡᠰ᠎ᠤᠨ ᠪᠠᠴᠢᠮ ᠪᠠᠶ᠋ᠢᠳᠠᠯ ᠎ᠢ ᠠᠷᠭᠠᠴᠠᠭᠠᠬᠤ ᠲᠥᠰᠦᠯ ᠎ᠢ ᠡᠬᠢᠯᠡᠭᠦᠯᠵᠦ᠍᠂ ᠮᠧᠬᠠᠨᠢᠭ + ᠵᠣᠬᠢᠶᠠᠮᠠᠯ ᠵᠠᠭᠪᠤᠷ᠎ᠢ ᠬᠡᠷᠡᠭᠯᠡᠨ᠂ ᠭᠤᠤᠯ ᠳᠡᠳ᠋ ᠵᠠᠮ᠂ ᠬᠥᠭᠥᠷᠭᠡ᠎ᠶᠢᠨ ᠨᠠᠯᠠᠤ ᠵᠠᠮ᠂ ᠵᠠᠮ᠎ᠤᠨ ᠠᠭᠤᠯᠵᠠᠷ᠎ᠲᠤ᠌ ᠮᠥᠰᠥ᠍ ᠴᠠᠰᠤ ᠠᠷᠢᠯᠭᠠᠬᠤ ᠠᠵᠢᠯ ᠎ᠢ ᠭᠤᠤᠯᠳᠠᠯᠭ᠎ᠠ᠎ᠲᠠᠶ ᠥᠷᠨᠢᠭᠦᠯᠪᠡ᠃ ᠲᠤᠬᠠᠶ᠎ᠶᠢᠨ ᠭᠠᠵᠠᠷ᠎ᠤᠨ ᠳᠣᠲᠣᠭᠠᠳᠤ᠎ᠶᠢ ᠬᠠᠮᠠᠭᠠᠯᠠᠬᠤ ᠵᠠᠮ ᠬᠠᠷᠢᠯᠴᠠᠭᠠᠨ᠎ᠤ ᠪᠦᠭᠦᠢᠯᠠ ᠴᠠᠭᠳᠠᠭ᠎ᠠ ᠨᠠᠷ ᠠᠵᠢᠯ᠎ᠤᠨ ᠪᠠᠶ᠋ᠢᠷᠢ᠎ᠳᠠᠭᠠᠨ ᠪᠠᠶ᠋ᠢᠵᠤ᠂ ᠭᠤᠤᠯᠳᠠᠯᠭ᠎ᠠ᠎ᠲᠠᠶ ᠵᠠᠮ᠎ᠤᠨ ᠬᠡᠰᠡᠭ᠎ᠲᠦ᠍ ᠲᠣᠭᠣᠷᠢᠨ ᠴᠠᠭᠳᠠᠵᠤ ᠵᠢᠭᠠᠨ ᠵᠢᠯᠣᠭᠣᠳᠬᠤ᠎ᠪᠠᠨ ᠴᠢᠩᠭᠠᠳᠬᠠᠵᠤ᠂ ᠨᠠᠭᠠᠰᠢ ᠴᠠᠭᠠᠰᠢ ᠶᠠᠪᠤᠬᠤ ᠲᠡᠷᠭᠡ ᠬᠥᠰᠬᠡ᠎ᠶᠢ ᠬᠠᠪᠰᠤᠷᠤᠨ ᠠᠮᠤᠷ ᠲᠦᠪᠰᠢᠨ᠎ᠢᠶᠡᠷ ᠠᠶᠠᠯᠠᠭᠤᠯᠪᠠ᠃

ᠠᠭᠠᠷ᠎ᠤᠨ ᠳᠤᠯᠠᠭᠠᠨ ᠳᠤᠤᠷ᠎ᠠ᠂ ᠴᠠᠰᠤ ᠣᠷᠣᠬᠰᠠᠨ᠂ ᠮᠠᠨᠠᠨᠲᠤᠭᠰᠠᠨ ᠵᠡᠷᠭᠡ ᠨᠥᠯᠥᠭᠡ᠎ᠡᠴᠡ ᠪᠣᠯᠵᠣ᠂ 16 ᠎ᠤ ᠡᠳᠦᠷ᠎ᠦᠨ 15 ᠴᠠᠭ ᠪᠣᠯᠲᠠᠯ᠎ᠠ᠂ ᠣᠷᠣᠨ᠎ᠤ ᠳᠣᠲᠣᠷᠠᠬᠢ G6 ᠪᠡᠭᠡᠵᠢᠩ ᠡᠴᠡ ᠲᠥᠪᠡᠳ ᠭᠦᠷᠭᠦ ᠳᠦᠷᠭᠡᠨ᠎ᠤ ᠵᠠᠮ᠂ G16 ᠳ᠋ᠠᠨᠳ᠋ᠦ᠋ᠡᠭ ᠡᠴᠡ ᠰᠢᠯᠢᠡᠭᠬᠤᠳᠠ ᠭᠦᠷᠭᠦ ᠳᠦᠷᠭᠡᠨ᠎ᠤ ᠵᠠᠮ᠂ G45 ᠳ᠋ᠠᠴᠢᠡᠭ ᠡᠴᠡ ᠭᠤᠸᠠᠡᠭᠵᠸᠦ ᠭᠦᠷᠭᠦ ᠳᠦᠷᠭᠡᠨ᠎ᠤ ᠵᠠᠮ᠂ G55 ᠡᠷᠢᠶᠠᠨ ᠬᠤᠳᠠ ᠡᠴᠡ ᠭᠤᠸᠠᠡᠭᠵᠸᠦ ᠭᠦᠷᠭᠦ ᠳᠦᠷᠭᠡᠨ᠎ᠤ ᠵᠠᠮ᠂ G1013 ᠬᠠᠢᠯᠠᠷ ᠡᠴᠡ ᠴᠢᠭᠤᠯᠤᠯᠳᠦ ᠬᠠᠭᠠᠯᠭ᠎ᠠ ᠭᠦᠷᠭᠦ ᠳᠦᠷᠭᠡᠨ᠎ᠤ ᠵᠠᠮ᠂ G1611 ᠭᠡᠰᠢᠭᠳᠡᠨ ᠬᠤᠰᠢᠭᠤ ᠡᠴᠡ ᠴᠸᠡᠭᠳ᠋ᠸ ᠭᠦᠷᠭᠦ ᠳᠦᠷᠭᠡᠨ᠎ᠤ ᠵᠠᠮ᠂ G4515 ᠤᠯᠠᠭᠠᠨᠬᠠᠳᠠ ᠡᠴᠡ ᠰᠦᠢᠵᠦ᠋ᠡᠭ ᠭᠦᠷᠭᠦ ᠳᠦᠷᠭᠡᠨ᠎ᠤ ᠵᠠᠮ᠂ G5511 ᠵᠢᠨᠢᠡᠭ ᠡᠴᠡ ᠠᠷᠤᠨ ᠬᠤᠰᠢᠭᠤ ᠭᠦᠷᠭᠦ ᠳᠦᠷᠭᠡᠨ᠎ᠤ ᠵᠠᠮ᠂ G5516 ᠰᠦᠨᠢᠳ ᠪᠠᠷᠠᠭᠤᠨ ᠬᠤᠰᠢᠭᠤ ᠡᠴᠡ ᠴᠢᠭᠤᠯᠤᠯᠳᠦ ᠬᠠᠭᠠᠯᠭ᠎ᠠ ᠭᠦᠷᠭᠦ ᠳᠦᠷᠭᠡᠨ᠎ᠤ ᠵᠠᠮ᠂ G5901 ᠬᠥᠬᠡᠬᠣᠲᠠ᠎ᠶᠢᠨ ᠬᠣᠲᠠ᠎ᠶᠢᠨ ᠲᠣᠭᠣᠷᠢᠯ 10 ᠵᠤᠷᠪᠤᠰ ᠳᠦᠷᠭᠡᠨ᠎ᠤ ᠵᠠᠮ᠂ ᠵᠢᠴᠢ G242 ᠨᠢᠭᠡᠳᠦᠭᠡᠷ ᠳᠡᠰ᠎ᠤᠨ ᠵᠠᠰᠠᠮᠠᠯ ᠵᠠᠮ᠎ᠳᠤ ᠲᠦᠷ ᠴᠠᠭ᠎ᠤᠨ ᠵᠠᠮ ᠬᠠᠷᠢᠯᠴᠠᠭᠠᠨ᠎ᠤ ᠵᠠᠬᠢᠷᠤᠨ ᠬᠠᠮᠢᠶᠠᠷᠤᠯᠲᠠ ᠶᠠᠪᠤᠭᠤᠯᠵᠤ᠂ ᠰᠦᠢᠳᠬᠡᠯ ᠬᠤᠷᠢᠶᠠᠬᠤ 79 ᠥᠷᠲᠡᠭᠡ ᠵᠢ ᠬᠠᠭᠠᠵᠤ᠂ ᠪᠤᠰᠤᠳ ᠵᠠᠮ᠎ᠤᠨ ᠬᠡᠰᠡᠭ᠎ᠲᠦ᠍ ᠬᠡᠪ᠎ᠦᠨ ᠪᠠᠶ᠋ᠢᠳᠠᠯ᠎ᠢᠶᠠᠷ ᠨᠡᠪᠲᠡᠷᠡᠭᠦᠯᠵᠦ ᠪᠠᠢᠨ᠎ᠠ᠃

ᠵᠠᠮ ᠳᠡᠭᠡᠷ᠎ᠠ ᠴᠠᠰᠦ ᠤᠷᠤᠬᠤ᠎ᠳᠦ᠂ ᠴᠡᠪᠡᠷᠯᠡᠬᠦ᠌᠎ᠵᠢ ᠠᠯᠭᠤᠷᠯᠠᠵᠤ ᠪᠣᠯᠬᠤ ᠦᠭᠡᠢ᠃ 16 ᠎ᠤ ᠡᠳᠦᠷ᠎ᠦᠨ 10 ᠴᠠᠭ ᠪᠣᠯᠲᠠᠯ᠎ᠠ᠂ ᠪᠥᠬᠥ᠌ ᠣᠷᠣᠨ᠎ᠤ ᠠᠷᠠᠴᠢᠯᠠᠨ ᠬᠠᠮᠠᠭᠠᠯᠠᠬᠤ ᠰᠠᠯᠠᠭ᠎ᠠ ᠮᠥᠴᠢᠷ ᠲᠣᠭᠣᠷᠢᠨ ᠪᠠᠶ᠋ᠢᠴᠠᠭᠠᠬᠤ ᠠᠵᠢᠯᠲᠠᠨ᠎ᠢ ᠨᠡᠶ᠋ᠢᠲᠡ 610 ᠬᠥᠮᠦᠨ ᠤᠳᠠᠭ᠎ᠠ᠂ 240 ᠮᠠᠰᠢᠨ ᠲᠡᠷᠭᠡ᠂ 2.4 ᠲᠦᠮᠡᠨ ᠺᠢᠯᠣᠮᠧᠲ᠋ᠷ ᠠᠶᠠᠯᠠᠨ ᠴᠠᠭᠳᠠᠪᠠ; 216 ᠰᠠᠤᠷᠢ ᠴᠠᠰᠤ ᠴᠡᠪᠡᠷᠯᠡᠬᠦ᠌ ᠮᠠᠰᠢᠨ᠂ 1162 ᠲᠣᠨ ᠴᠠᠰᠤ ᠬᠠᠢᠯᠤᠭᠤᠯᠤᠭᠴᠢ ᠰᠠᠴᠤᠵᠤ᠂ 26 ᠪᠣᠰᠣᠭ᠎ᠠ ᠳᠥᠷᠪᠡᠯᠵᠢᠨ ᠮᠧᠲᠷ  ᠬᠠᠯᠳᠤᠷᠢᠬᠤ ᠡᠴᠡ ᠰᠡᠷᠭᠡᠢᠯᠡᠬᠦ ᠮᠠᠲᠸᠷᠢᠶᠠᠯ᠂ 8065 ᠺᠢᠯᠣᠮᠧᠲᠷ᠎ᠤᠨ ᠵᠠᠰᠠᠮᠠᠯ ᠵᠠᠮ᠎ᠤᠨ ᠴᠠᠰᠤ ᠵᠢ ᠴᠡᠪᠡᠷᠯᠡᠵᠠᠢ᠃

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ ᠬᠠᠮᠲᠤ᠎ᠳᠤᠨᠢ ᠮᠥᠰᠥ᠍ ᠬᠥᠯᠳᠡᠬᠦ᠌ ᠵᠠᠮ᠎ᠤᠨ ᠬᠡᠰᠡᠭ᠂ ᠪᠠᠴᠢᠮ ᠪᠠᠶ᠋ᠢᠳᠠᠯ᠎ᠢ ᠠᠷᠭᠠᠴᠠᠭᠠᠬᠤ ᠬᠦᠴᠦᠨ᠎ᠦ ᠬᠣᠶᠠᠷ ᠬᠤᠪᠢ ᠨᠠᠷᠢᠨ ᠲᠠᠩᠰᠠ᠎ᠶᠢ ᠬᠥᠳᠡᠯᠦᠩᠭᠦᠶ᠎ᠪᠡᠷ ᠰᠢᠨᠡᠳᠬᠡᠪᠡ᠃ ᠪᠥᠬᠥ᠌ ᠣᠷᠣᠨ᠎ᠳᠤ 744 ᠬᠡᠰᠡᠭ ᠴᠠᠰᠤ ᠬᠤᠷᠠᠵᠤ ᠮᠥᠰᠥ᠍ ᠬᠥᠯᠳᠡᠬᠰᠡᠨ ᠵᠠᠮ᠎ᠢ ᠵᠢᠭᠰᠠᠭᠠᠨ ᠪᠠᠶ᠋ᠢᠴᠠᠭᠠᠵᠤ᠂ 528 ᠰᠠᠯᠠᠭ᠎ᠠ 6591 ᠪᠠᠴᠢᠮ ᠪᠠᠶ᠋ᠢᠳᠠᠯ᠎ᠢ ᠠᠷᠭᠠᠴᠠᠭᠠᠬᠤ ᠡᠩᠨᠡᠭᠡ᠎ᠶᠢ ᠪᠡᠯᠡᠳᠭᠡᠯ ᠭᠢᠯᠭᠡᠵᠦ᠂ 482 ᠪᠡᠯᠡᠳᠬᠡᠯ ᠴᠡᠭ᠂ 3723 ᠴᠠᠰᠤ ᠠᠷᠢᠯᠭᠠᠬᠤ ᠲᠣᠨᠣᠭᠯᠠᠯ᠂ 2.8 ᠲᠦᠮᠡᠨ ᠲᠣᠨ ᠴᠠᠰᠤ ᠬᠠᠶ᠋ᠢᠯᠤᠭᠤᠯᠤᠭᠴᠢ᠂ 2.9 ᠲᠦᠮᠡᠨ ᠪᠣᠰᠣᠭ᠎ᠠ ᠳᠥᠷᠪᠡᠯᠵᠢᠨ ᠮᠧᠲ᠋ᠷ ᠬᠠᠯᠳᠤᠷᠢᠬᠤ ᠡᠴᠡ ᠰᠡᠷᠭᠡᠶ᠋ᠢᠯᠡᠬᠦ᠌ ᠡᠯᠡᠰᠦ ᠲᠣᠬᠢᠷᠠᠭᠤᠯᠵᠠᠶ᠃

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠦᠢᠯᠡᠰ᠎ᠦᠨ ᠬᠥᠭᠵᠢᠯᠲᠡ᠎ᠶᠢᠨ ᠲᠥᠪ᠎ᠦᠨ ᠵᠠᠰᠠᠮᠠᠯ ᠵᠠᠮ᠎ᠤᠨ ᠬᠠᠮᠢᠶᠠᠷᠤᠯᠲᠠ ᠪᠠ ᠠᠷᠠᠴᠢᠯᠠᠨ ᠬᠠᠮᠠᠭᠠᠯᠠᠬᠤ ᠭᠠᠵᠠᠷ᠎ᠤᠨ ᠳᠠᠷᠤᠭ᠎ᠠ ᠰᠢᠶᠤᠤ ᠬᠠᠨ ᠢᠯᠡᠷᠬᠡᠶ᠋ᠢᠯᠡᠬᠦ᠌᠎ᠳᠡᠭᠡᠨ᠂ ᠬᠦᠢᠲᠡᠨ ᠠᠭᠤᠷ ᠠᠮᠢᠰᠬᠤᠯ ᠪᠠ ᠪᠣᠷᠣᠭᠠᠨ ᠴᠠᠰᠤ ᠮᠥᠰᠥᠲᠦᠯ᠎ᠦᠨ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭᠠᠴᠠᠭᠠᠨ ᠰᠢᠢᠳᠪᠦᠷᠢᠯᠡᠬᠦ᠌᠎ᠶᠢ ᠦᠷᠭᠦᠯᠵᠢᠯᠡᠨ ᠴᠢᠩᠭᠠᠳᠬᠠᠵᠤ᠂ ᠪᠠᠴᠢᠮ ᠪᠠᠶ᠋ᠢᠳᠠᠯ᠎ᠢ ᠠᠷᠭᠠᠴᠠᠭᠠᠨ ᠵᠠᠮ ᠨᠡᠪᠳᠡᠷᠡᠯᠭᠡ ᠵᠢ ᠪᠠᠳᠤᠯᠠᠬᠤ ᠭᠦᠮᠦᠨ᠂ ᠮᠠᠰᠢᠨ ᠮᠧᠬᠠᠨᠢᠭ᠂ ᠡᠳ᠋ ᠪᠣᠳᠠᠰ᠎ᠢ ᠲᠣᠬᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠴᠠᠰᠤ᠎ᠴᠡᠪᠡᠷᠯᠡᠨ ᠮᠥᠰᠥ ᠠᠷᠢᠯᠭᠠᠬᠤ᠎ᠳᠤ《ᠬᠥᠮᠦᠨ ᠨᠢ ᠠᠮᠠᠷᠠᠪᠠᠴᠦ ᠮᠠᠰᠢᠨ ᠨᠢ ᠵᠣᠭᠰᠣᠬᠤ ᠥᠬᠡᠶ》ᠪᠠᠶ᠋ᠢᠬᠤ᠎ᠶᠢ ᠪᠡᠶᠡᠯᠡᠭᠦᠯᠵᠦ᠍᠂《ᠴᠠᠰᠤ ᠪᠤᠷᠤᠭᠠᠨ ᠤᠷᠤᠪᠠᠯ ᠴᠡᠪᠡᠷᠯᠡᠵᠦ᠍᠂ ᠴᠡᠪᠡᠷᠯᠡᠮᠡᠭᠴᠠ ᠶᠠᠪᠤᠵᠤ ᠪᠤᠯᠬᠤ》ᠬᠠᠷᠠᠯᠲᠠ᠎ᠵᠢ ᠪᠡᠶᠡᠯᠡᠭᠦᠯᠦᠨ᠎ᠠ  ᠭᠡᠵᠡᠶ᠃

ᠴᠠᠰᠤᠨ᠎ᠤ ᠪᠠᠶ᠋ᠢᠳᠠᠯ᠎ᠤᠨ ᠡᠮᠦᠨ᠎ᠡ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶᠢᠨ ᠲᠣᠪᠴᠢᠶ᠎ᠠ᠎ᠶᠢᠨ ᠪᠦᠯᠦᠭᠯᠡᠯ᠎ᠦᠨ ᠬᠢᠵᠠᠭᠠᠷᠲᠤ᠌ ᠺᠣᠮᠫᠠᠨᠢ ᠵᠤᠷᠴᠢᠬᠤ ᠲᠡᠷᠭᠡ ᠵᠢ ᠲᠣᠬᠢᠷᠠᠭᠤᠯᠬᠤ᠂ ᠮᠥᠰᠥ᠍ ᠴᠠᠰᠤ᠎ᠶᠢ ᠠᠷᠢᠯᠭᠠᠬᠤ᠂ ᠲᠥᠬᠥᠭᠡᠷᠦᠮᠵᠢ ᠵᠢ ᠲᠣᠭᠣᠷᠢᠨ ᠪᠠᠶ᠋ᠢᠴᠠᠭᠠᠬᠤ᠂ ᠠᠶᠠᠨᠴᠢᠳ᠎ᠢ ᠬᠥᠲᠥᠯᠥᠨ ᠵᠢᠯᠣᠭᠣᠳᠬᠤ᠂ ᠠᠮᠤᠷ ᠲᠦᠪᠰᠢᠨ᠎ᠦ ᠰᠡᠷᠭᠡᠶ᠋ᠢᠯᠡᠯᠲᠡ᠎ᠶᠢ ᠡᠮᠬᠢ ᠵᠢᠷᠤᠮ᠎ᠲᠠᠶ ᠥᠷᠨᠢᠭᠦᠯᠵᠦ᠍᠂ ᠴᠠᠰᠤᠨ᠎ᠤ ᠪᠠᠶ᠋ᠢᠳᠠᠯ᠎ᠢᠶᠠᠷ ᠲᠡᠭᠡᠭᠡᠪᠦᠷᠢ᠎ᠶᠢᠨ ᠲᠥᠰᠦᠯ᠎ᠳᠦ ᠲᠣᠬᠢᠷᠠᠭᠤᠯᠤᠯᠲᠠ ᠬᠢᠪᠠ᠃

ᠥᠪᠥᠷ ᠮᠣᠩᠭᠣᠯ᠎ᠤᠨ ᠨᠢᠰᠬᠡᠯ᠎ᠦᠨ ᠪᠠᠭᠤᠳᠠᠯ᠎ᠤᠨ ᠬᠢᠨ ᠬᠣᠯᠪᠣᠭᠠᠯᠠᠨ ᠬᠥᠳᠡᠯᠦᠯᠴᠡᠵᠦ᠍᠂ ᠪᠡᠯᠡᠳᠬᠡᠯ ᠲᠥᠬᠥᠭᠡᠷᠦᠮᠵᠢ᠎ᠶᠢ ᠪᠠᠶ᠋ᠢᠴᠠᠭᠠᠨ ᠬᠠᠮᠠᠭᠠᠯᠠᠬᠤ ᠬᠢᠭᠡᠳ ᠬᠥᠯᠳᠡᠬᠦ᠌᠎ᠡᠴᠡ ᠰᠡᠷᠭᠡᠶ᠋ᠢᠯᠡᠬᠦ᠌ ᠪᠠᠶ᠋ᠢᠴᠠᠭᠠᠯᠲᠠ᠂ ᠡᠳᠦᠷ ᠲᠤᠲᠤᠮ᠎ᠤᠨ ᠲᠣᠭᠣᠷᠢᠨ ᠪᠠᠶ᠋ᠢᠴᠠᠭᠠᠯᠲᠠ᠂ ᠪᠠᠴᠢᠮ ᠪᠠᠶ᠋ᠢᠳᠠᠯ᠎ᠢ ᠠᠷᠭᠠᠴᠠᠭᠠᠬᠤ ᠰᠡᠯᠪᠢᠨ ᠵᠠᠰᠠᠯᠲᠠ᠂ ᠲᠣᠭᠲᠠᠮᠠᠯ ᠬᠤᠭᠤᠴᠠᠭ᠎ᠠ᠎ᠲᠠᠶ᠎ᠪᠠᠷ ᠰᠢᠯᠭᠠᠨ ᠪᠠᠶ᠋ᠢᠴᠠᠭᠠᠬᠤ᠎ᠶᠢ ᠵᠡᠷᠭᠡ᠎ᠪᠡᠷ ᠠᠬᠢᠭᠤᠯᠵᠤ᠂ ᠨᠠᠩ ᠪᠣᠳᠠᠲᠠᠶ ᠨᠠᠩ ᠨᠠᠷᠢᠯᠢᠭ ᠠᠷᠭ᠎ᠠ ᠬᠡᠮᠵᠢᠶ᠎ᠡ᠎ᠪᠡᠷ ᠡᠪᠦᠯ᠎ᠦᠨ ᠤᠯᠠᠷᠢᠯ᠎ᠤᠨ ᠠᠵᠢᠯᠯᠠᠭᠠᠨ᠎ᠤ ᠪᠠᠲᠤᠯᠠᠭ᠎ᠠ᠎ᠶᠢᠨ ᠰᠠᠭᠤᠷᠢ᠎ᠶᠢ ᠪᠡᠬᠢᠵᠢᠭᠦᠯᠪᠡ᠃

ᠴᠠᠭ ᠠᠭᠤᠷ᠎ᠤᠨ ᠨᠥᠯᠥᠭᠡ᠎ᠡᠴᠡ ᠪᠣᠯᠵᠣ᠂ ᠣᠳᠣᠬᠠᠨ᠎ᠳᠤ ᠪᠥᠬᠥ᠌ ᠣᠷᠣᠨ᠎ᠤ ᠶᠡᠬᠡᠩᠬᠢ ᠭᠠᠵᠠᠷ ᠣᠷᠣᠨ᠎ᠤ ᠠᠭᠠᠷ᠎ᠤᠨ ᠳᠤᠯᠠᠭᠠᠨ 4 °C ᠡᠴᠠ 8°C ᠪᠠᠭᠤᠷᠠᠵᠤ᠂ ᠬᠡᠰᠡᠭ ᠭᠠᠵᠠᠷ ᠣᠷᠣᠨ᠎ᠤ ᠠᠭᠠᠷ᠎ᠤᠨ ᠳᠤᠯᠠᠭᠠᠨ 8°C ᠡᠴᠡ ᠢᠯᠡᠭᠦᠦ ᠪᠠᠭᠤᠷᠠᠵᠤ᠂ 11 ᠰᠠᠷ᠎ᠠ᠎ᠶᠢᠨ 17᠂ 18 ᠎ᠤ ᠡᠳᠦᠷ ᠶᠡᠬᠡᠩᠬᠢ ᠭᠠᠵᠠᠷ ᠣᠷᠣᠨ᠎ᠤ ᠠᠭᠠᠷ᠎ᠤᠨ ᠳᠤᠯᠠᠭᠠᠨ 0°C ᠡᠴᠠ ᠳᠣᠷᠣᠭᠰᠢ ᠪᠣᠯᠵᠣ᠂ ᠣᠯᠠᠩᠬᠢ ᠭᠠᠵᠠᠷ᠎ᠤᠨ ᠰᠥᠨᠢ᠎ᠶᠢᠨ ᠠᠭᠠᠷ᠎ᠤᠨ ᠳᠤᠯᠠᠭᠠᠨ ᠲᠡᠭ᠎ᠡᠴᠡ ᠳᠣᠷᠣᠭᠰᠢ 10°C ᠪᠣᠯᠵᠣ᠂ 22 ᠎ᠤᠨ ᠡᠳᠦᠷ ᠪᠠᠰᠠ ᠰᠢᠨ᠎ᠡ ᠨᠢᠭᠡ ᠡᠭᠡᠯᠵᠢ᠎ᠶᠢᠨ ᠬᠦᠢᠲᠡᠨ ᠠᠭᠠᠷ ᠎ᠢ ᠤᠭᠲᠤᠬᠤ ᠪᠣᠯᠤᠨ᠎ᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶᠠᠨ᠎ᠤ ᠲᠡᠷᠢᠭᠦᠨ ᠤᠷᠢᠳᠴᠢᠯᠠᠨ ᠮᠡᠳᠡᠭᠡᠯᠡᠭᠴᠢ ᠵᠢᠶᠠᠩ ᠵᠢᠩ ᠤᠯᠠᠨ ᠳᠦᠮᠠᠨ᠎ᠳᠦ᠂ ᠴᠠᠰᠤ ᠣᠷᠣᠪᠠᠯ ᠵᠠᠮ ᠬᠠᠯᠲᠤᠷᠢᠭ᠎ᠠ ᠳᠠᠢ᠂ ᠣᠯᠠᠨ ᠲᠦᠮᠡᠨ ᠭᠠᠳᠠᠭᠰᠢ ᠭᠠᠷᠬᠤ᠎ᠳᠤ ᠯᠠᠪᠳᠠᠭᠤᠨ᠎ᠢᠶᠠᠷ ᠠᠶᠠᠯᠠᠵᠤ᠂ ᠠᠮᠤᠷ ᠲᠦᠪᠰᠢᠨ᠎ᠢ ᠠᠩᠬᠠᠷᠬᠤ ᠬᠡᠷᠡᠭᠲᠡᠶ᠃ ᠡᠭᠦᠨ᠎ᠦ ᠬᠠᠮᠲᠤ᠌ ᠬᠦᠢᠲᠡᠨ ᠠᠭᠤᠷ ᠠᠮᠢᠰᠬᠤᠯ ᠬᠦᠷᠴᠦ᠍ ᠢᠷᠡᠬᠦ᠌ ᠦᠶ᠎ᠡ᠎ᠳᠦ ᠶᠡᠬᠡ ᠰᠠᠯᠬᠢ ᠰᠠᠯᠬᠢᠯᠠᠵᠤ ᠳᠤᠯᠠᠭᠠᠨ᠎ᠤ ᠬᠡᠮᠵᠢᠶ᠎ᠡ ᠪᠠᠭᠤᠷᠠᠨ᠎ᠠ᠂ ᠣᠯᠠᠨ  ᠵᠢᠡᠷ ᠵᠢᠠᠨ ᠶᠠᠪᠤᠵᠤ ᠰᠠᠭᠤᠬᠤ᠎ᠳᠠᠭᠠᠨ ᠬᠤᠪᠴᠠᠰᠤ ᠬᠤᠨᠠᠷ ᠵᠢᠠᠨ ᠵᠤᠵᠠᠭᠠᠯᠠᠬᠤ ᠵᠢ ᠠᠩᠬᠠᠷᠴᠤ᠌ ᠂ ᠬᠢᠮᠤᠷᠠᠬᠤ᠎ᠠᠴᠠ ᠰᠡᠷᠭᠡᠶ᠋ᠢᠯᠡᠭᠡᠷᠡᠢ ᠭᠡᠵᠦ ᠰᠠᠨᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面