ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-11-18 11:18:59

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠣᠯᠠᠨ ᠤᠯᠤᠰ᠎ᠤᠨ ᠴᠠᠬᠢᠯᠭᠠᠨ ᠬᠣᠯᠪᠣᠭᠠᠨ᠎ᠤ ᠬᠣᠯᠪᠣᠭ᠎ᠠ᠎ᠶᠢᠨ 2026 ᠣᠨ᠎ᠤ ᠪᠦᠷᠢᠨ ᠡᠷᠬᠡᠲᠦ ᠲᠥᠯᠥᠭᠡᠯᠡᠭᠴᠢᠳ᠎ᠦᠨ ᠶᠡᠬᠡ ᠬᠤᠷᠠᠯ ᠶᠠᠭ ᠺᠠᠲ᠋ᠠᠷ᠎ᠤᠨ ᠨᠡᠶ᠋ᠢᠰᠯᠡᠯ ᠳ᠋ᠠᠦ᠋ᠬ᠎ᠠ ᠎ᠳᠤ ᠬᠤᠷᠠᠯᠳᠤᠵᠤ ᠪᠤᠢ᠂ ᠰᠤᠷᠪᠤᠯᠵᠢᠯᠠᠭ᠍ᠴᠢ ᠬᠤᠷᠠᠯ ᠎ᠠᠴᠠ ᠣᠢᠯᠠᠭᠠᠭᠰᠠᠨ᠎ᠢᠶᠠᠷ᠂ ᠮᠠᠨ᠎ᠤ ᠤᠯᠤᠰ ᠣᠯᠠᠨ ᠤᠯᠤᠰ᠎ᠤᠨ ᠴᠠᠬᠢᠯᠭᠠᠨ ᠬᠣᠯᠪᠣᠭᠠᠨ᠎ᠤ ᠬᠣᠯᠪᠣᠭ᠎ᠠ ᠵᠢᠨ ᠬᠡᠷᠡᠭ ᠡᠷᠬᠢᠯᠡᠭᠴᠢ ᠤᠯᠤᠰ᠎ᠤᠨ ᠲᠤᠰᠢᠶᠠᠯ᠎ᠢ ᠦᠷᠬᠦᠯᠵᠢᠯᠡᠨ ᠡᠭᠦᠷᠭᠡᠯᠡᠨ᠎ᠡ᠃

ᠣᠯᠠᠨ ᠤᠯᠤᠰ᠎ᠤᠨ ᠴᠠᠬᠢᠯᠭᠠᠨ ᠬᠣᠯᠪᠣᠭᠠᠨ᠎ᠤ ᠬᠣᠯᠪᠣᠭ᠎ᠠ ᠪᠣᠯ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠮᠡᠳᠡᠭᠡ ᠵᠠᠩᠭᠢ ᠴᠢᠮᠡᠭᠡ ᠬᠣᠯᠪᠣᠭᠠᠨ᠎ᠤ ᠬᠦᠷᠢᠶᠡᠨ᠎ᠳᠡᠬᠢ ᠲᠤᠰᠬᠠᠢ ᠪᠠᠢᠭᠤᠯᠤᠮᠵᠢ ᠪᠣᠯᠣᠨ᠎ᠠ᠂ ᠪᠥᠬᠥ ᠪᠥᠮᠪᠥᠷᠴᠡᠭ᠎ᠦᠨ ᠷᠠᠳᠢᠣ᠋ ᠳᠠᠪᠲᠠᠮᠵᠢ᠎ᠶᠢᠨ ᠵᠢᠭ᠍ᠰᠠᠯ ᠪᠣᠯᠣᠨ ᠳᠠᠭᠠᠭᠤᠯᠢ ᠣᠳᠣᠨ᠎ᠤ ᠲᠣᠭᠣᠷᠢᠯᠲᠠ᠎ᠶᠢᠨ ᠵᠠᠮ᠎ᠤᠨ ᠡᠬᠢ ᠪᠠᠶᠠᠯᠢᠭ᠋᠎ᠤᠨ ᠬᠤᠪᠢᠶᠠᠷᠢᠯᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠶᠢ ᠬᠠᠷᠢᠭᠤᠴᠠᠵᠤ᠂ ᠪᠥᠬᠥ ᠪᠥᠮᠪᠥᠷᠴᠡᠭ᠎ᠦᠨ ᠴᠢᠮᠡᠭᠡ ᠬᠣᠯᠪᠣᠭᠠᠨ᠎ᠤ ᠮᠡᠷᠭᠡᠵᠢᠯ᠎ᠦᠨ ᠪᠠᠷᠢᠮᠵᠢᠶ᠎ᠠ᠎ᠶᠢ ᠲᠣᠭᠲᠠᠭᠠᠵᠤ᠂ ᠴᠢᠮᠡᠭᠡ ᠬᠣᠯᠪᠣᠭᠠᠨ᠎ᠤ ᠰᠠᠭᠤᠷᠢ ᠳᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ᠃ 1972 ᠣᠨ᠎ᠳᠤ ᠤᠯᠠᠨ ᠤᠯᠤᠰ᠎ᠤᠨ ᠴᠠᠬᠢᠯᠭᠠᠨ ᠬᠣᠯᠪᠣᠭ᠎ᠠ᠎ᠶᠢᠨ ᠬᠣᠯᠪᠣᠭ᠎ᠠ᠎ᠶᠢᠨ ᠬᠠᠤᠯᠢ ᠶᠤᠰᠤᠨ᠎ᠤ ᠰᠠᠭᠤᠳᠠᠯ᠎ᠢ ᠰᠡᠷᠭᠦᠭᠡᠭᠰᠡᠨ᠎ᠦ ᠳᠠᠷᠠᠭ᠎ᠠ᠂ ᠮᠠᠨ᠎ᠤ ᠤᠯᠤᠰ ᠬᠡᠷᠡᠭ ᠡᠷᠬᠢᠯᠡᠭᠴᠢ ᠤᠯᠤᠰ᠎ᠤᠨ ᠲᠤᠰᠢᠶᠠᠯ᠎ᠢ ᠬᠠᠷᠢᠭᠤᠴᠠᠭᠰᠠᠭᠠᠷ ᠢᠷᠡᠪᠡ᠃ ᠬᠤᠢᠰᠢᠳᠠ ᠮᠠᠨ᠎ᠤ ᠤᠯᠤᠰ ᠪᠦᠬᠦ ᠪᠥᠮᠪᠥᠷᠴᠡᠭ᠎ᠦᠨ ᠲᠣᠭᠠᠴᠢᠯᠠᠭᠰᠠᠨ ᠵᠠᠰᠠᠯᠲᠠ᠎ᠶᠢᠨ ᠰᠢᠰᠲᠧᠮ᠎ᠦᠨ ᠪᠠᠢᠭᠤᠯᠤᠯᠲᠠ᠎ᠳᠤ ᠦᠷᠭᠦᠯᠵᠢᠯᠡᠨ ᠢᠳᠡᠪᠬᠢᠲᠡᠢ ᠣᠷᠣᠯᠴᠠᠬᠤ᠎ᠶᠢᠨ ᠬᠠᠮᠲᠤ ᠷᠠᠳᠢᠣ᠋ ᠳᠠᠪᠲᠠᠮᠵᠢ᠎ᠶᠢᠨ ᠵᠢᠭ᠍ᠰᠠᠯ᠎ᠤᠨ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ᠂ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠪᠣᠯᠣᠨ ᠲᠤᠰᠬᠠᠢ ᠮᠡᠷᠭᠡᠵᠢᠯᠲᠡᠨ᠎ᠦ ᠡᠩᠨᠡᠭᠡ᠎ᠶᠢᠨ ᠪᠠᠢᠭᠤᠯᠤᠯᠲᠠ ᠵᠡᠷᠭᠡ ᠲᠠᠯ᠎ᠠ᠎ᠪᠠᠷ ᠳᠤᠮᠳᠠᠳᠤ ᠤᠯᠤᠰ᠎ᠤᠨ ᠤᠶᠤᠨ ᠤᠬᠠᠭᠠᠨ ᠪᠣᠯᠣᠨ ᠳᠤᠮᠳᠠᠳᠤ ᠤᠯᠤᠰ᠎ᠤᠨ ᠲᠥᠰᠥᠯ᠎ᠢ ᠨᠡᠮᠡᠷᠢᠯᠡᠬᠦ ᠪᠣᠯᠣᠨ᠎ᠠ᠃

                (ᠢᠷᠡᠯᠲᠡ ᠄ ᠲᠥᠪ ᠲᠧᠯᠸᠢᠰ᠎ᠦᠨ ᠰᠣᠨᠢᠨ ᠮᠡᠳᠡᠭᠡ) 

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面