2026-11-18 16:59:41
ᠬᠥᠯᠥᠨ ᠪᠣᠶ᠋ᠢᠷ ᠬᠣᠲᠠ᠎ᠶᠢᠨ 《ᠨᠠᠮᠤᠷ᠎ᠤᠨ (ᠴᠠᠰᠤᠨ᠎ᠤ) ᠠᠮᠠᠷᠠᠯᠲᠠ》 ᠵᠢ ᠰᠤᠷᠭᠠᠭᠤᠯᠢ᠎ᠶᠢᠨ ᠪᠡᠯᠡᠳᠬᠡᠯ ᠭᠠᠷᠠᠭ᠎ᠤᠨ ᠳᠣᠲᠣᠷ᠎ᠠ ᠲᠣᠬᠢᠷᠠᠭᠤᠯᠤᠯᠲᠠ ᠬᠢᠵᠦ᠂ ᠵᠢᠭᠠᠨ ᠰᠤᠷᠭᠠᠯᠲᠠ᠎ᠶᠢᠨ ᠴᠠᠭ᠎ᠢ ᠪᠠᠭᠠᠰᠬᠠᠬᠤ ᠦᠭᠡᠢ᠂ ᠠᠮᠠᠷᠠᠯᠲᠠ ᠲᠠᠯᠪᠢᠬᠤ ᠶᠡᠷᠦᠩᠬᠡᠢ ᠡᠳᠦᠷ᠎ᠦᠨ ᠲᠣᠭ᠎ᠠ᠎ᠶᠢ ᠨᠡᠮᠡᠭᠳᠡᠭᠦᠯᠬᠦ ᠦᠭᠡᠢ᠂ ᠵᠢᠭᠠᠨ ᠰᠤᠷᠭᠠᠯᠲᠠ᠎ᠶᠢᠨ ᠬᠡᠪ᠎ᠦᠨ ᠡᠮᠬᠢ ᠵᠢᠷᠤᠮ᠎ᠢ ᠨᠥᠯᠥᠭᠡᠯᠡᠬᠦ ᠦᠭᠡᠢ ᠪᠠᠢᠬᠤ᠎ᠶᠢ ᠦᠨᠡᠨ ᠬᠦ᠌ ᠪᠠᠲᠤᠯᠠᠨ᠎ᠡ᠃
ᠪᠣᠳᠠᠲᠠᠢ ᠴᠢᠯᠦᠭᠡ ᠲᠠᠯᠪᠢᠬᠤ ᠲᠣᠬᠢᠷᠠᠭᠤᠯᠤᠯᠲᠠ ᠭᠡᠪᠡᠯ᠄ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ ᠨᠢᠭᠡ᠎ᠡᠴᠡ ᠨᠠᠢ᠍ᠮᠠᠳᠤᠭᠠᠷ ᠣᠨ᠎ᠤ ᠴᠢᠯᠦᠭᠡ ᠲᠠᠯᠪᠢᠬᠤ ᠴᠠᠭ ᠨᠢ 12 ᠰᠠᠷ᠎ᠠ᠎ᠶᠢᠨ 5 ᠤ ᠡᠳᠦᠷ᠎ᠡᠴᠡ 12 ᠰᠠᠷ᠎ᠠ᠎ᠶᠢᠨ 9 ᠦ ᠡᠳᠦᠷ ᠪᠣᠯᠣᠨ᠎ᠠ᠂ ᠶᠢᠰᠦᠳᠦᠭᠡᠷ ᠣᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠳ᠋ᠤ ᠳᠠᠪᠰᠢᠬᠤ ᠰᠢᠯᠭᠠᠯᠲᠠ ᠳ᠋ᠤ ᠪᠡᠯᠡᠳᠬᠡᠯ ᠬᠢᠬᠦ ᠡᠴᠡ ᠪᠤᠯᠵᠤ ᠲᠣᠰ ᠤᠳᠠᠭᠠᠨ᠎ᠤ ᠠᠮᠠᠷᠠᠯᠲᠠ᠎ᠶᠢ ᠲᠣᠬᠢᠷᠠᠭᠤᠯᠬᠤ ᠦᠭᠡᠢ; ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠵᠢᠨ ᠨᠢᠭᠡᠳᠦᠭᠡᠷ ᠤᠨ᠂ ᠬᠣᠶᠠᠳᠤᠭᠠᠷ ᠣᠨ᠎ᠤ ᠴᠢᠯᠦᠭᠡ ᠲᠠᠯᠪᠢᠬᠤ ᠴᠠᠭ ᠨᠢ 12 ᠰᠠᠷ᠎ᠠ᠎ᠶᠢᠨ 5 ᠤ ᠡᠳᠦᠷ᠎ᠡᠴᠡ 12 ᠰᠠᠷ᠎ᠠ᠎ᠶᠢᠨ 7 ᠤ ᠡᠳᠦᠷ ᠪᠣᠯᠣᠨ᠎ᠠ᠂ ᠥᠨᠳᠥᠷ ᠳᠤᠮᠳᠠᠳᠤ ᠵᠢᠨ ᠭᠤᠷᠪᠠᠳᠤᠭᠠᠷ ᠣᠨ ᠴᠢᠯᠦᠭᠡ ᠲᠠᠯᠪᠢᠬᠤ ᠦᠭᠡᠢ; ᠬᠡᠦᠬᠡᠳ᠎ᠦᠨ ᠴᠡᠴᠡᠷᠯᠢᠭ᠎ᠢ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤ ᠦᠶ᠎ᠡ᠎ᠪᠡᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃
ᠠᠮᠠᠷᠠᠯᠲᠠ᠎ᠶᠢᠨ ᠬᠤᠭᠤᠴᠠᠭᠠᠨ᠎ᠤ ᠦᠢᠯᠡᠳᠦᠯᠭᠡ᠎ᠶᠢᠨ ᠠᠭᠤᠯᠭ᠎ᠠ᠎ᠶᠢ ᠪᠠᠶᠠᠯᠢᠭ᠍ᠵᠢᠭᠤᠯᠬᠤ᠎ᠶᠢᠨ ᠲᠥᠯᠥᠭᠡ᠂ ᠬᠥᠯᠥᠨ ᠪᠣᠶ᠋ᠢᠷ ᠬᠣᠲᠠ ᠠᠷᠠᠳ᠎ᠲᠤ ᠠᠰᠢᠭ᠋ ᠬᠦᠷᠲᠡᠭᠡᠬᠦ ᠣᠯᠠᠨ ᠵᠦᠢᠯ᠎ᠦᠨ ᠪᠠᠲᠤᠯᠠᠭ᠎ᠠ᠎ᠶᠢᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠭᠠᠷᠭᠠᠪᠠ᠃ ᠰᠣᠶᠣᠯ ᠵᠢᠭᠤᠯᠴᠢᠯᠠᠯ᠎ᠤᠨ ᠴᠠᠰᠤ ᠮᠥᠰᠥᠨ᠎ᠤ ᠬᠦᠷᠢᠶ᠎ᠡ ᠴᠠᠷᠠᠭ᠎ᠠ᠎ᠳᠤ᠂ ᠪᠥᠬᠥ ᠬᠣᠲᠠ᠎ᠶᠢᠨ ᠬᠢᠷᠢ ᠲᠡᠩᠴᠡᠭᠰᠡᠨ᠂ ᠵᠢᠷᠤᠮᠵᠢᠯ᠎ᠲᠠᠢ ᠡᠵᠡᠩᠨᠡᠵᠦ ᠪᠠᠢᠭ᠎ᠠ ᠴᠠᠨᠠᠯᠠᠯᠲᠠ ᠵᠢᠨ ᠲᠠᠯᠠᠪᠠᠶ᠎ᠶᠢ ᠪᠥᠬᠥ ᠬᠣᠲᠠ᠎ᠶᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ ᠰᠤᠷᠤᠭ᠍ᠴᠢᠳ᠎ᠲᠤ ᠬᠠᠨᠳᠤᠭᠤᠯᠤᠨ ᠡᠳᠦᠷ ᠪᠦᠷᠢ 3 ᠴᠠᠭ ᠰᠦᠢᠳᠬᠡᠯ ᠬᠤᠷᠢᠶᠠᠬᠤ ᠦᠭᠡᠢ ᠪᠡᠷ ᠨᠡᠭᠡᠭᠡᠨ᠎ᠡ᠂ ᠡᠭᠦᠨ᠎ᠳᠦ ᠢᠵᠢ ᠪᠦᠷᠢᠨ ᠴᠠᠰᠤᠨ ᠬᠡᠷᠡᠭᠰᠡᠯ ᠬᠡᠷᠡᠭᠯᠡᠬᠦ᠎ᠶᠢ ᠪᠠᠭᠲᠠᠭᠠᠨ᠎ᠠ; ᠪᠥᠬᠥ ᠬᠣᠲᠠ᠎ᠶᠢᠨ ᠬᠡᠪ᠎ᠦᠨ ᠶᠣᠰᠣᠭᠠᠷ ᠡᠵᠡᠩᠨᠡᠵᠦ ᠪᠠᠢᠭ᠎ᠠ A ᠲᠠᠰ᠎ᠤᠨ ᠵᠢᠭᠤᠯᠴᠢᠯᠠᠯ᠎ᠤᠨ ᠦᠵᠡᠮᠵᠢ᠎ᠶᠢᠨ ᠣᠷᠣᠨ ᠨᠢ ᠠᠩᠬ᠎ᠠ ᠤᠳᠠᠭᠠᠨ᠎ᠤ ᠡᠭᠦᠳᠡᠨ ᠪᠢᠯᠧᠲ ᠢ᠋ ᠬᠡᠯᠳᠦᠷᠢᠭᠦᠯᠦᠨ᠎ᠡ᠃
ᠣᠯᠠᠨ ᠨᠡᠶ᠋ᠢᠲᠡ᠎ᠶᠢᠨ ᠲᠠᠯᠠᠪᠤᠷ ᠣᠷᠳᠣᠨ᠎ᠤ ᠲᠠᠯ᠎ᠠ᠎ᠪᠠᠷ᠂ ᠥᠪᠥᠷ ᠮᠣᠩᠭᠣᠯ᠎ᠤᠨ ᠴᠠᠰᠤ ᠮᠥᠰᠥᠨ᠎ᠤ ᠲᠠᠮᠢᠷ᠎ᠤᠨ ᠬᠥᠳᠡᠯᠭᠡᠭᠡᠨ᠎ᠦ ᠰᠤᠷᠭᠠᠭᠤᠯᠢ᠂ ᠥᠪᠥᠷ ᠮᠣᠩᠭᠣᠯ᠎ᠤᠨ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ᠎ᠦ ᠪᠣᠯᠪᠠᠰᠤᠷᠠᠯ᠎ᠤᠨ ᠲᠥᠪ ᠵᠢᠴᠢ ᠪᠥᠬᠥ ᠬᠣᠲᠠ᠎ᠶᠢᠨ ᠣᠯᠠᠨ ᠨᠡᠶ᠋ᠢᠲᠡ᠎ᠶᠢᠨ ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ᠂ ᠰᠤᠷᠭᠠᠭᠤᠯᠢ᠎ᠶᠢᠨ ᠮᠥᠰᠥᠨ᠎ᠤ ᠲᠠᠯᠠᠪᠤᠷ᠎ᠢ ᠰᠦᠢᠳᠬᠡᠯ ᠬᠤᠷᠢᠶᠠᠬᠤ ᠦᠭᠡᠢ᠎ᠪᠡᠷ ᠰᠤᠷᠤᠭ᠍ᠴᠢᠳ᠎ᠲᠤ ᠨᠡᠭᠡᠭᠡᠨ᠎ᠡ; ᠴᠠᠰᠤ ᠮᠥᠰᠥᠨ᠎ᠤ ᠡᠬᠢ ᠪᠠᠶᠠᠯᠢᠭ᠋ ᠬᠦᠷᠦᠯᠴᠡᠬᠦ ᠦᠭᠡᠢ ᠬᠣᠰᠢᠭᠤ ᠬᠣᠲᠠ ᠲᠣᠭᠣᠷᠢᠭ᠋ ᠨᠢ ᠪᠡᠶ᠎ᠡ᠎ᠶᠢᠨ ᠲᠠᠮᠢᠷ᠎ᠤᠨ ᠣᠷᠳᠣᠨ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠎ᠢ ᠨᠡᠭᠡᠭᠡᠬᠦ ᠡᠷᠴᠢᠮ᠎ᠢᠶᠡᠨ ᠴᠢᠩᠭᠠᠷᠠᠭᠤᠯᠵᠤ᠂ ᠬᠠᠭᠤᠷᠠᠢ ᠭᠠᠵᠠᠷ᠎ᠤᠨ ᠮᠥᠰᠥᠨ ᠳᠡᠪᠦᠷ᠎ᠡ᠂ ᠬᠠᠭᠤᠷᠠᠢ ᠭᠠᠵᠠᠷ᠎ᠤᠨ ᠮᠥᠰᠥᠨ ᠪᠥᠮᠪᠥᠭᠡ ᠵᠡᠷᠭᠡ ᠪᠠᠭᠠᠵᠢ ᠬᠡᠷᠡᠭᠰᠡᠯ᠎ᠢ ᠵᠢᠭᠡᠯᠡᠵᠦ ᠬᠡᠷᠡᠭᠯᠡᠬᠦ ᠦᠢᠯᠡᠴᠢᠯᠡᠭᠡ᠎ᠶᠢ ᠦᠨ᠎ᠡ ᠲᠥᠯᠥᠪᠦᠷᠢ ᠦᠭᠡᠢ᠎ᠪᠡᠷ ᠬᠠᠩᠭᠠᠨ᠎ᠠ᠃
ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃