ᠲᠡᠷᠢᠭᠦᠨ ᠨᠢᠭᠤᠷ>ᠵᠢᠷᠭᠢᠶ᠎ᠡ>ᠮᠡᠳᠡᠭᠡᠯᠡᠯ

2026-11-20 11:24:21

ᠵᠣᠬᠢᠶᠠᠭ᠍ᠴᠢ᠄ ​ ᠯᠢ ᠶᠦᠩ ᠲᠤᠤ ᠣᠩᠱᠢᠭ᠍ᠰᠠᠨ ᠣᠳᠠᠭ᠎ᠠ᠄ 3

ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠡᠬᠢ ᠬᠤᠪᠢᠶᠠᠷᠢ ᠪᠠᠩᠬᠢ᠎ᠶᠢᠨ ᠮᠡᠳᠡᠭᠡ᠎ᠶᠢ ᠦᠨᠳᠦᠰᠦᠯᠡᠪᠡᠯ᠂ ᠣᠶ᠋ᠢᠷ᠎ᠠ᠎ᠳᠤ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠬᠥᠭᠵᠢᠭᠦᠯᠦᠯᠲᠡ᠎ᠶᠢᠨ ᠪᠠᠩᠬᠢ᠎ᠶᠢᠨ ᠬᠥᠯᠥᠨ ᠪᠣᠶ᠋ᠢᠷ ᠬᠣᠲᠠ᠎ᠳᠡᠬᠢ ᠬᠤᠪᠢᠶᠠᠷᠢ ᠪᠠᠩᠬᠢ ᠡᠴᠡ ᠪᠥᠬᠥ᠌ ᠣᠷᠣᠨ᠎ᠤ ᠠᠩᠬᠠᠳᠠᠭᠴᠢ 《ᠰᠢᠨ᠎ᠡ ᠬᠡᠯᠪᠡᠷᠢ᠎ᠶᠢᠨ ᠲᠥᠷᠥ᠎ᠶᠢᠨ ᠪᠣᠳᠣᠯᠭ᠎ᠠ ᠵᠢᠨ ᠴᠢᠨᠠᠷᠲᠠᠶ ᠮᠥᠩᠭᠥᠨ ᠭᠦᠢᠯᠭᠡᠭᠡᠨ᠎ᠦ ᠪᠠᠭᠠᠵᠢ + ᠬᠡᠯᠪᠡᠷᠢ᠎ᠪᠡᠨ ᠬᠤᠪᠢᠷᠠᠭᠤᠯᠬᠤ ᠮᠥᠩᠭᠥᠨ ᠭᠦᠢᠯᠭᠡᠭᠡ》 ᠵᠢᠨ ᠪᠠᠯᠠ ᠮᠥᠩᠭᠥ᠎ᠶᠢ 2200 ᠲᠦᠮᠡᠨ ᠲᠥᠭᠥᠷᠢᠭ ᠪᠠᠭᠤᠯᠭᠠᠪᠠ᠃ ᠲᠣᠰ ᠪᠠᠯᠠ ᠮᠥᠩᠭᠥ᠎ᠶᠢ ᠮᠠᠨᠵᠤᠤᠷ᠎ᠤᠨ ᠢᠯᠴᠢ ᠴᠠᠬᠢᠯᠭᠠᠨ᠎ᠤ ᠦᠢᠯᠡᠳᠪᠦᠷᠢ᠎ᠶᠢᠨ ᠨᠡᠭᠦᠷᠡᠰᠦ ᠴᠠᠬᠢᠯᠭᠠᠨ᠎ᠤ ᠠᠵᠢᠯ ᠲᠥᠷᠥᠯ᠎ᠦᠨ ᠠᠮᠢᠳᠤᠯᠢᠭ ᠥᠭᠡᠷᠡᠴᠢᠯᠡᠯᠲᠡ ᠵᠢᠴᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢ ᠪᠠᠭᠤᠷᠠᠭᠤᠯᠤᠨ ᠲᠠᠰ ᠳᠡᠪᠰᠢᠭᠦᠯᠬᠦ᠌ ᠲᠥᠷᠥᠯ ᠵᠦᠢᠯ᠎ᠳᠦ ᠣᠨᠣᠪᠴᠢᠲᠠᠶ ᠭᠡᠷᠡᠭᠯᠡᠵᠦ᠂ ᠨᠡᠭᠦᠷᠡᠰᠦ ᠴᠠᠬᠢᠯᠭᠠᠨ᠎ᠢ ᠳᠤᠤᠷ᠎ᠠ ᠨᠡᠭᠦᠷᠡᠰᠦᠲᠥ᠋ᠷᠥᠭᠴᠢᠲᠦ᠍ ᠪᠣᠯᠭᠠᠨ ᠥᠭᠡᠷᠡᠴᠢᠯᠡᠬᠦ᠌ ᠲᠥᠷᠥᠯ ᠵᠦᠢᠯ᠎ᠦᠨ ᠬᠥᠷᠥᠩᠭᠡ ᠮᠥᠩᠭᠥ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠵᠦ᠍᠂ ᠨᠡᠭᠦᠷᠡᠰᠦᠲᠥ᠋ᠷᠥᠭᠴᠢ ᠶᠡᠬᠡᠲᠡᠶ ᠡᠨᠧᠷᠭᠢ᠎ᠶᠢᠨ ᠠᠵᠢᠯ ᠲᠥᠷᠥᠯ᠎ᠦᠨ ᠪᠣᠬᠢᠷᠲᠤᠯ ᠥᠬᠡᠶ ᠲᠠᠰ ᠳᠡᠪᠰᠢᠬᠦ᠌᠎ᠶᠢ ᠠᠬᠢᠭᠤᠯᠬᠤ᠎ᠳᠤ  ᠥᠯᠢᠭᠡᠷ ᠵᠠᠬᠪᠤᠷ ᠬᠠᠩᠭᠠᠪᠠ᠃

ᠰᠢᠨ᠎ᠡ ᠬᠡᠯᠪᠡᠷᠢ᠎ᠶᠢᠨ ᠲᠥᠷᠥ᠎ᠶᠢᠨ ᠪᠣᠳᠣᠯᠭ᠎ᠠ᠎ᠶᠢᠨ ᠴᠢᠨᠠᠷᠲᠠᠶ ᠮᠥᠩᠭᠥᠨ ᠭᠦᠢᠯᠭᠡᠭᠡᠨ᠎ᠦ ᠪᠠᠭᠠᠵᠢ ᠪᠣᠯ ᠤᠯᠤᠰ᠎ᠠᠴᠠ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ᠎ᠶᠢ ᠳᠡᠮᠵᠢᠬᠦ᠌᠂ ᠭᠤᠤᠯᠳᠠᠯᠭ᠎ᠠ᠎ᠲᠠᠶ ᠲᠥᠷᠥᠯ ᠵᠦᠢᠯ᠎ᠦᠨ ᠬᠥᠷᠥᠩᠭᠡ ᠮᠥᠩᠭᠥ᠎ᠶᠢ ᠨᠥᠬᠥᠪᠥᠷᠢᠯᠡᠬᠦ᠌᠎ᠶᠢᠨ ᠲᠥᠯᠥᠭᠡ ᠡᠭᠦᠳᠦᠭᠰᠡᠨ ᠮᠥᠩᠭᠥᠨ ᠭᠦᠢᠯᠭᠡᠭᠡᠨ᠎ᠦ ᠪᠠᠭᠠᠵᠢ ᠪᠣᠯᠤᠨ᠎ᠠ᠂ ᠬᠥᠷᠥᠩᠭᠡ ᠮᠥᠩᠭᠥ᠎ᠶᠢᠨ ᠬᠥᠰᠢᠭᠦᠷᠭᠡ᠎ᠪᠡᠷ ᠳᠠᠮᠵᠢᠭᠤᠯᠤᠨ ᠪᠠᠯᠠ ᠣᠷᠣᠭᠤᠯᠤᠯᠲᠠ᠎ᠶᠢᠨ ᠶᠡᠷᠦᠩᠬᠡᠶ ᠬᠡᠮᠵᠢᠶ᠎ᠡ᠎ᠶᠢ ᠶᠡᠬᠡᠰᠬᠡᠵᠦ᠂ ᠪᠠᠯᠠ ᠣᠷᠣᠭᠤᠯᠤᠯᠲᠠ᠎ᠶᠢᠨ ᠪᠦᠲᠦᠴᠡ᠎ᠶᠢ ᠰᠢᠯᠢᠳᠡᠭᠵᠢᠭᠦᠯᠦᠨ᠂ ᠤᠯᠤᠰ᠎ᠤᠨ ᠨᠡᠭᠡᠭᠡᠯᠲᠡ᠎ᠶᠢᠨ ᠪᠠᠩᠬᠢ᠂ ᠲᠠᠷᠢᠶᠠᠯᠠᠩ᠎ᠤᠨ ᠬᠥᠭᠵᠢᠯᠲᠡ᠎ᠶᠢᠨ ᠪᠠᠩᠬᠢ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠪᠠᠩᠬᠢ᠎ᠠᠴᠠ ᠬᠠᠷᠢᠭᠤᠴᠠᠨ ᠣᠷᠣᠭᠤᠯᠤᠨ᠎ᠠ᠂ ᠡᠨᠡ ᠪᠣᠯ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠨ ᠬᠡᠯᠬᠢᠶ᠎ᠡ᠎ᠶᠢ ᠨᠥᠬᠥᠪᠥᠷᠢᠯᠡᠵᠦ᠍ ᠬᠡᠯᠬᠢᠶ᠎ᠡ᠎ᠶᠢ ᠬᠦᠴᠦᠷᠬᠡᠭᠵᠢᠭᠦᠯᠬᠦ᠌᠂ ᠣᠷᠣᠨ ᠪᠦᠰᠡ᠎ᠶᠢᠨ ᠪᠣᠬᠢᠷᠲᠤᠯ ᠥᠬᠡᠶ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠬᠤ ᠴᠢᠬᠤᠯᠠ ᠲᠥᠷᠥ᠎ᠶᠢᠨ ᠪᠣᠳᠣᠯᠭ᠎ᠠ᠎ᠶᠢᠨ ᠴᠢᠨᠠᠷᠲᠠᠶ ᠮᠥᠩᠭᠥᠨ ᠭᠦᠢᠯᠭᠡᠭᠡᠨ᠎ᠦ ᠭᠠᠷᠳᠠᠴᠠ ᠪᠣᠯᠤᠨ᠎ᠠ᠃ ᠬᠡᠯᠪᠡᠷᠢ᠎ᠪᠡᠨ ᠬᠤᠪᠢᠷᠠᠭᠤᠯᠬᠤ ᠮᠥᠩᠭᠥᠨ ᠭᠦᠢᠯᠭᠡᠭᠡᠨ᠎ᠨᠢ ᠭᠤᠤᠯᠳᠠᠭᠤ ᠪᠣᠯᠣᠳ ᠲᠡᠮᠦᠷ᠂ ᠬᠢᠮᠢ᠎ᠶᠢᠨ ᠠᠵᠤ ᠦᠢᠯᠡᠳᠪᠦᠷᠢ ᠵᠡᠷᠭᠡ 《ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ᠎ᠳᠤ ᠬᠦᠴᠢᠷᠲᠡᠶ》 ᠠᠵᠢᠯ ᠲᠥᠷᠥᠯ᠎ᠦᠨ ᠣᠲᠣ᠎ᠶᠢᠨ ᠪᠠᠶ᠋ᠢᠭ᠎ᠠ ᠦᠢᠯᠡᠳᠪᠦᠷᠢᠯᠡᠬᠦ᠌ ᠴᠢᠳᠠᠪᠤᠷᠢ᠎ᠳᠤ ᠦᠢᠯᠡᠴᠢᠯᠡᠵᠦ᠍᠂ ᠲᠡᠳᠡᠨ᠎ᠦ ᠮᠡᠷᠭᠡᠵᠢᠯ᠎ᠦᠨ ᠥᠭᠡᠷᠡᠴᠢᠯᠡᠯᠲᠡ ᠪᠠ ᠡᠨᠧᠷᠭᠢ᠎ᠶᠢᠨ ᠦᠷ᠎ᠡ ᠠᠰᠢᠭ᠎ᠢ ᠳᠡᠭᠡᠭᠰᠢᠯᠡᠭᠦᠯᠬᠦ᠌᠎ᠳᠦ ᠪᠠᠯᠠ ᠮᠦᠩᠭᠦ ᠬᠠᠩᠭᠠᠨ᠎ᠠ᠃ ᠡᠨᠡ ᠤᠳᠠᠭ᠎ᠠ᠂ ᠮᠠᠨᠵᠤᠤᠷ᠎ᠤᠨ ᠢᠯᠴᠢ ᠴᠠᠬᠢᠯᠭᠠᠨ᠎ᠤ ᠦᠢᠯᠡᠳᠪᠦᠷᠢ᠎ᠶᠢᠨ ᠨᠡᠭᠦᠷᠡᠰᠦ ᠴᠠᠬᠢᠯᠭᠠᠨ᠎ᠤ ᠠᠵᠢᠯ ᠲᠥᠷᠥᠯ᠎ᠦᠨ ᠠᠮᠢᠳᠤᠯᠢᠭ ᠥᠭᠡᠷᠡᠴᠢᠯᠡᠯᠲᠡ ᠵᠢᠴᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢ ᠪᠠᠭᠤᠷᠠᠭᠤᠯᠤᠨ ᠳᠡᠰ ᠳᠡᠪᠰᠢᠭᠦᠯᠬᠦ᠌ ᠲᠥᠷᠥᠯ ᠵᠦᠢᠯ᠎ᠦᠨ ᠪᠡᠯᠡ ᠮᠦᠩᠬᠦ᠎ᠶᠢᠨ ᠬᠡᠷᠡᠭᠴᠡᠭᠡ᠎ᠳᠦ ᠴᠢᠭᠯᠡᠭᠦᠯᠦᠨ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠬᠥᠯᠥᠨ ᠪᠣᠶ᠋ᠢᠷ ᠬᠣᠲᠠ᠎ᠳᠡᠬᠢ ᠬᠤᠪᠢᠶᠠᠷᠢ ᠪᠠᠩᠬᠢ᠎ᠨᠢ ᠳᠤᠮᠳᠠᠳᠤ ᠤᠯᠤᠰ᠎ᠤᠨ ᠲᠠᠷᠢᠶᠠᠯᠠᠩ᠎ᠤᠨ ᠬᠥᠭᠵᠢᠭᠦᠯᠦᠯᠲᠡ᠎ᠶᠢᠨ ᠪᠠᠩᠬᠢ᠎ᠶᠢᠨ ᠬᠥᠯᠥᠨ ᠪᠣᠶ᠋ᠢᠷ ᠬᠣᠲᠠ᠎ᠳᠡᠬᠢ ᠬᠤᠪᠢᠶᠠᠷᠢ ᠪᠠᠩᠬᠢ᠎ᠶᠢ ᠵᠢᠯᠣᠭᠣᠳᠤᠨ ᠮᠥᠩᠭᠥᠨ ᠭᠦᠢᠯᠭᠡᠭᠡᠨ᠎ᠦ ᠳᠤᠰᠬᠠᠢ ᠦᠢᠯᠡᠴᠢᠯᠡᠭᠡᠨ᠎ᠦ ᠲᠥᠰᠦᠯ᠎ᠢ ᠲᠣᠭᠲᠠᠭᠠᠨ᠎ᠠ᠂《ᠰᠢᠨ᠎ᠡ ᠬᠡᠯᠪᠡᠷᠢ᠎ᠶᠢᠨ ᠲᠥᠷᠥ᠎ᠶᠢᠨ ᠪᠣᠳᠣᠯᠭ᠎ᠠ᠎ᠶᠢᠨ ᠴᠢᠨᠠᠷᠲᠠᠶ ᠮᠥᠩᠭᠥᠨ ᠭᠦᠢᠯᠭᠡᠭᠡᠨ᠎ᠦ ᠪᠠᠭᠠᠵᠢ + ᠬᠡᠯᠪᠡᠷᠢ᠎ᠪᠡᠨ ᠬᠤᠪᠢᠷᠠᠭᠤᠯᠬᠤ ᠮᠥᠩᠭᠥᠨ ᠭᠦᠢᠯᠭᠡᠭᠡ 》᠎ᠵᠢ ᠬᠡᠷᠡᠭᠯᠡᠬᠦ᠌᠎ᠪᠡᠷ ᠳᠠᠮᠵᠢᠭᠤᠯᠤᠨ᠂ 10 ᠵᠢᠯ᠎ᠦᠨ ᠬᠤᠭᠤᠴᠠᠭ᠎ᠠ᠎ᠲᠠᠶ ᠳᠣᠣᠷ᠎ᠠ ᠥᠪᠡᠷ᠎ᠦᠨ ᠥᠷᠲᠡᠭ᠎ᠲᠡᠶ ᠪᠡᠯᠡ ᠮᠥᠩᠭᠥ᠎ᠶᠢ 2200 ᠲᠦᠮᠡᠨ ᠲᠥᠭᠥᠷᠢᠭ ᠪᠠᠭᠤᠯᠭᠠᠪᠠ᠂ ᠡᠨᠡ ᠨᠢ ᠲᠥᠷᠥᠯ ᠵᠦᠢᠯ᠎ᠦᠨ ᠡᠬᠢᠯᠡᠭᠦᠯᠬᠦ᠌ ᠬᠥᠷᠥᠩᠭᠡ ᠮᠥᠩᠭᠥ᠎ᠶᠢ ᠨᠥᠬᠥᠵᠦ᠍ ᠪᠦᠷᠢᠳᠦᠭᠦᠯᠬᠦ᠂ ᠠᠵᠤ ᠠᠬᠤᠶ᠋ᠢᠯᠠᠯ᠎ᠤᠨ ᠶᠡᠷᠦᠩᠬᠡᠶ ᠪᠠᠯᠠ ᠣᠷᠣᠭᠤᠯᠤᠯᠲᠠ᠎ᠶᠢᠨ 6.73 ᠳ᠋ᠦᠩᠰᠢᠭᠤᠷ ᠲᠥᠭᠥᠷᠢᠭ᠎ᠦᠨ ᠲᠥᠷᠥᠯ ᠵᠦᠢᠯ᠎ᠢ ᠨᠠᠶ᠋ᠢᠳᠠᠪᠤᠷᠢᠵᠢᠭᠤᠯᠬᠤ᠎ᠳᠤ ᠬᠦᠴᠦᠨ ᠨᠡᠮᠡᠷᠢᠯᠡᠵᠦ᠂ ᠬᠣᠶ᠋ᠢᠰᠢᠳᠠ᠎ᠶᠢᠨ ᠳᠤᠮᠳᠠ ᠣᠷᠳᠣ ᠬᠤᠭᠤᠴᠠᠭᠠᠨ᠎ᠤ ᠢᠲᠡᠭᠡᠮᠵᠢᠲᠦ᠍ ᠵᠢᠭᠡᠯᠡᠯᠭᠡ ᠲᠠᠯᠪᠢᠬᠤ ᠵᠠᠮ᠎ᠢ ᠨᠡᠪᠲᠡᠷᠡᠭᠦᠯᠦᠨ᠂ ᠲᠥᠷᠥᠯ ᠵᠦᠢᠯ᠎ᠢ ᠢᠵᠢ ᠪᠦᠷᠢᠳᠦᠭᠦᠯᠬᠦ᠌᠎ᠳᠤ ᠪᠡᠯᠡ ᠮᠥᠩᠭᠥ᠎ᠶᠢᠨ ᠬᠥᠰᠢᠭᠦᠷᠭᠡ᠎ᠶᠢ ᠭᠦᠢᠴᠡᠳ ᠪᠡᠯᠡᠳᠬᠡᠵᠦ᠂ ᠬᠤᠵᠢᠮ᠎ᠤᠨ ᠤᠷᠤᠨ ᠵᠠᠢ ᠵᠢ ᠭᠦᠢᠴᠡᠳ ᠦᠯᠡᠳᠡᠭᠡᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面