ᠲᠡᠷᠢᠭᠦᠨ ᠨᠢᠭᠤᠷ>ᠵᠢᠷᠭᠢᠶ᠎ᠡ>ᠵᠢᠷᠤᠭᠲᠤ ᠮᠡᠳᠡᠭᠡ

2026-10-29 20:26:52

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠪᠡᠭᠡᠵᠢᠩ᠎ᠦᠨ ᠴᠠᠭ᠎ᠢᠶᠠᠷ 10 ᠰᠠᠷ᠎ᠠ ᠶ᠋ᠢᠨ 24᠎ᠦ ᠡᠳᠦᠷ᠂ ᠤᠯᠠᠨ ᠤᠯᠤᠰ᠎ᠤᠨ ᠬᠤᠯᠪᠤᠭᠠᠳᠤ ᠪᠠᠢᠭᠤᠯᠭ᠎ᠠ ᠵᠢᠨ 《ᠠᠮᠢᠳᠤ ᠪᠣᠳᠠᠰ᠎ᠤᠨ ᠤᠯᠠᠨ ᠶᠠᠨᠭᠵᠤᠳᠤ ᠴᠢᠨᠠᠷ᠎ᠤᠨ ᠨᠡᠶ᠋ᠢᠲᠡ᠎ᠶᠢᠨ ᠬᠡᠷ᠎ᠡ》 ᠵᠢᠨ ᠠᠷᠪᠠᠨ ᠳᠣᠯᠣᠳᠤᠭᠠᠷ ᠤᠳᠠᠭ᠎ᠠ᠎ᠶᠢᠨ ᠭᠡᠷᠡᠲᠦ ᠲᠠᠯ᠎ᠠ᠎ᠶᠢᠨ ᠶᠡᠬᠡ ᠬᠤᠷᠠᠯ (CBD COP17)᠎ᠤᠨ ᠠᠯᠪᠠᠨ᠎ᠤ ᠲᠠᠯ᠎ᠠ᠎ᠶᠢᠨ ᠵᠡᠷᠭᠡᠴᠡᠭᠡ ᠠᠵᠢᠯᠯᠠᠭ᠎ᠠ ᠪᠤᠯᠬᠤ ᠶᠢᠰᠦᠳᠦᠭᠡᠷ ᠬᠤᠭᠤᠴᠠᠭᠠᠨ᠎ᠤ ᠪᠦᠬᠦ ᠪᠥᠮᠪᠥᠷᠴᠡᠭ᠎ᠦᠨ ᠣᠷᠣᠨ ᠨᠤᠲᠤᠭ᠎ᠤᠨ ᠵᠠᠰᠠᠭ᠎ᠤᠨ ᠣᠷᠳᠣᠨ ᠪᠣᠯᠣᠨ ᠬᠤᠳᠠ᠎ᠶᠢᠨ ᠲᠦᠷᠦᠭᠦᠴᠦᠳ᠎ᠦᠨ ᠬᠤᠷᠠᠯ ᠠᠷᠮᠧᠨᠢᠶ᠎ᠠ᠎ᠶᠢᠨ ᠨᠡᠢᠰᠯᠡᠯ ᠠᠢ᠍ᠢᠯᠢᠸᠢᠨ ᠬᠤᠳᠠ᠎ᠳᠤ ᠶᠠᠪᠤᠭᠳᠠᠵᠤ᠂ ᠰᠢᠨ᠎ᠡ ᠨᠢᠭᠡ ᠪᠦᠯᠦᠭ᠎ᠤᠨ 《ᠠᠮᠢᠳᠤ ᠪᠣᠳᠠᠰ᠎ᠤᠨ ᠤᠯᠠᠨ ᠶᠠᠨᠭᠵᠤᠳᠤ ᠴᠢᠨᠠᠷ᠎ᠤᠨ ᠷᠢᠳᠢ ᠰᠢᠳᠢ᠎ᠲᠠᠢ ᠬᠤᠳᠠ》 ᠶ᠋ᠢ ᠰᠢᠯᠭᠠᠷᠠᠭᠤᠯᠤᠭᠰᠠᠨ ᠦᠷ᠎ᠡ ᠳ᠋ᠦᠩ᠎ᠢ ᠨᠡᠢᠲᠡᠯᠡᠵᠤ᠂ ᠬᠥᠬᠡᠬᠣᠲᠠ ᠠᠮᠵᠢᠯᠲᠠ᠎ᠲᠠᠢ ᠰᠣᠩᠭᠣᠭᠳᠠᠪᠠ᠃



ᠡᠢᠨᠬᠦ ᠬᠦᠬᠡᠬᠤᠳᠠ 《ᠠᠮᠢᠳᠤ ᠪᠣᠳᠠᠰ᠎ᠤᠨ ᠣᠯᠠᠨ ᠶᠠᠨᠭᠵᠤᠳᠤ ᠴᠢᠨᠠᠷ᠎ᠤᠨ ᠷᠢᠳᠢ ᠰᠢᠳᠢ᠎ᠲᠠᠢ ᠬᠣᠲᠠ》 ᠪᠠᠷ ᠦᠨᠡᠯᠡᠭᠳᠡᠬᠦ ᠵᠢᠨ ᠵᠡᠷᠭᠡ ᠳ᠋ᠤ᠂ 《ᠪᠠᠢᠭᠠᠯᠢ᠎ᠶᠢᠨ ᠬᠣᠲᠠ》(CitiesWithNature)ᠵᠢᠨ ᠲᠠᠪᠴᠠᠩ᠎ᠳᠤ ᠣᠷᠣᠵᠤ᠂ ᠡᠨᠡ ᠵᠢᠯ᠎ᠤᠨ 8 ᠰᠠᠷ᠎ᠠ ᠵᠢᠨ 1᠎ᠤ ᠡᠳᠦᠷ 《ᠳᠡᠯᠡᠬᠡᠢ᠎ᠶᠢᠨ ᠴᠠᠭᠠᠨ ᠢᠳᠡᠭᠡᠨ᠎ᠤ ᠬᠣᠲᠠ》 ᠪᠠᠷ ᠦᠨᠡᠯᠡᠭᠳᠡᠭᠰᠡᠨ᠎ᠤ ᠳᠠᠷᠠᠭ᠎ᠠ ᠪᠠᠰᠠ ᠨᠢᠭᠡᠨ ᠣᠯᠠᠨ ᠤᠯᠤᠰ᠎ᠤᠨ ᠠᠮᠢ ᠠᠬᠤᠢ᠎ᠶᠢᠨ ᠰᠢᠨ᠎ᠡ ᠨᠡᠷ᠎ᠡ᠎ᠶᠢᠨ ᠬᠠᠭᠤᠳᠠᠰᠤ ᠲᠡᠢ ᠪᠤᠯᠤᠭᠰᠠᠨ ᠪᠠᠢᠨ᠎ᠠ᠃



ᠲᠣᠰ ᠤᠳᠠᠭᠠᠨ᠎ᠤ ᠰᠢᠯᠭᠠᠷᠠᠭᠤᠯᠤᠯᠲᠠ᠎ᠳᠤ ᠠᠮᠢᠳᠤ ᠪᠣᠳᠠᠰ᠎ᠤᠨ ᠣᠯᠠᠨ ᠶᠠᠨᠭᠵᠤᠳᠤ ᠴᠢᠨᠠᠷ᠎ᠢ ᠬᠠᠮᠠᠭᠠᠯᠠᠭᠰᠠᠨ ᠠᠮᠵᠢᠯᠲᠠ ᠪᠦᠲᠦᠮᠵᠢ᠎ᠪᠡᠷ ᠭᠠᠷᠮᠠᠭᠠᠢ ᠬᠣᠲᠠ ᠪᠠ ᠭᠠᠵᠠᠷ ᠣᠷᠣᠨ᠎ᠢ ᠬᠥᠬᠢᠭᠦᠯᠦᠨ ᠰᠠᠢᠰᠢᠶᠠᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ 《ᠺᠦᠨᠮᠢᠩ ︱ ᠮᠣᠨᠲᠷᠧᠶᠠᠯ᠎ᠤᠨ ᠪᠥᠬᠥ ᠪᠥᠮᠪᠥᠷᠴᠡᠭ᠎ᠦᠨ ᠠᠮᠢᠳᠤ ᠪᠣᠳᠠᠰ᠎ᠤᠨ ᠣᠯᠠᠨ ᠶᠠᠨᠭᠵᠤᠳᠤ ᠴᠢᠨᠠᠷ᠎ᠤᠨ ᠪᠣᠷᠣ᠌ ᠲᠥᠯᠥᠪ》᠎ᠢ ᠬᠡᠷᠡᠭᠵᠢᠭᠦᠯᠬᠦ᠎ᠳᠦ ᠣᠷᠣᠯᠴᠠᠬᠤ᠎ᠶᠢ ᠳᠡᠮᠵᠢᠨ᠎ᠡ᠃ ᠬᠥᠬᠡᠬᠣᠲᠠ ᠡᠨᠡᠬᠦ ᠢᠷᠠᠭᠤ ᠠᠯᠳᠠᠷ᠎ᠢ ᠭᠥᠷᠳᠡᠭᠰᠡᠨ ᠨᠢ ᠠᠮᠢ ᠠᠬᠤᠢ᠎ᠶᠢ ᠤᠷᠢᠳ ᠵᠢᠡᠷ ᠪᠤᠳᠤᠯᠬᠢᠯᠠᠵᠤ ᠪᠣᠬᠢᠷᠲᠤᠯ ᠦᠭᠡᠢ ᠬᠥᠭᠵᠢᠭᠦᠯᠬᠦ᠎ᠶᠢ ᠤᠷᠳᠤ ᠬᠤᠭᠤᠴᠠᠭ᠎ᠠ᠎ᠪᠠᠷ ᠪᠠᠷᠢᠮᠲᠠᠯᠠᠭᠰᠠᠨ᠎ᠤ ᠠᠮᠢᠳᠤᠯᠢᠭ᠋ ᠢᠯᠡᠷᠡᠯ ᠪᠣᠯᠣᠨ᠎ᠠ᠃



ᠬᠥᠬᠡᠬᠤᠲᠠ ᠨᠢ ᠦᠪᠦᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠳᠦᠪ ᠪᠤᠯᠬᠤ ᠵᠢᠨ ᠬᠤᠪᠢ᠎ᠳᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠠᠮᠤᠷ ᠳᠦᠪᠰᠢᠨ᠎ᠤ ᠬᠠᠯᠬᠠᠪᠴᠢ ᠵᠢᠨ ᠴᠢᠬᠤᠯᠠ ᠪᠦᠷᠢᠯᠳᠦᠭᠦᠨ ᠭᠡᠰᠡᠭ ᠪᠤᠯᠬᠤ ᠶᠤᠮ᠂ ᠡᠨᠳᠡ ᠳᠠᠯᠠᠨ ᠬᠠᠷ᠎ᠠ ᠠᠭᠤᠯᠠ ᠵᠢᠨ ᠤᠯᠤᠰ᠎ᠤᠨ ᠳᠡᠰ᠎ᠤᠨ ᠪᠠᠢᠭᠠᠯᠢ ᠵᠢᠨ ᠬᠠᠮᠠᠭᠠᠯᠠᠯᠲᠠ ᠵᠢᠨ ᠤᠷᠤᠨ᠂ ᠴᠡᠯᠡᠭᠡᠷ ᠲᠠᠯ᠎ᠠ ᠵᠢᠨ ᠲᠠᠯ᠎ᠠ ᠨᠤᠲᠤᠭ᠂ ᠶᠡᠬᠡ ᠲᠦᠷᠭᠡᠨ ᠭᠤᠤᠯ᠎ᠤᠨ ᠨᠤᠭᠤ ᠭᠠᠵᠠᠷ᠂ ᠬᠠᠷᠠᠠᠤᠰᠤ ᠨᠠᠭᠤᠷ᠎ᠤᠨ ᠨᠤᠭᠤ ᠭᠠᠵᠠᠷ ᠵᠡᠷᠭᠡ ᠠᠮᠢ ᠠᠬᠤᠢ ᠵᠢᠨ ᠤᠷᠤᠨ ᠵᠠᠢ ᠵᠠᠯᠭᠠᠯᠳᠤᠨ ᠪᠠᠢᠷᠢᠰᠢᠵᠤ᠂ ᠠᠮᠢᠳᠤ ᠪᠤᠳᠠᠰ᠎ᠤᠨ ᠤᠯᠠᠨ ᠶᠠᠩᠵᠤᠳᠤ ᠴᠢᠨᠠᠷ᠎ᠤᠨ ᠰᠠᠭᠤᠷᠢ ᠰᠠᠢᠲᠠᠢ ᠪᠠᠢᠭ᠎ᠠ ᠶᠤᠮ᠃ ᠬᠥᠬᠡᠬᠤᠲᠠ ᠵᠢᠨ ᠪᠦᠬᠦ ᠬᠤᠲᠠ ᠵᠢᠨ ᠤᠢ ᠰᠢᠭᠤᠢ ᠵᠢᠨ ᠪᠦᠷᠬᠦᠴᠡ 16.59% ᠳ᠋ᠤ ᠬᠦᠷᠴᠦ᠂ ᠲᠠᠯ᠎ᠠ ᠨᠤᠲᠤᠭ᠎ᠤᠨ ᠶᠡᠷᠦᠩᠬᠡᠢᠯᠡᠭᠰᠡᠨ ᠤᠷᠭᠤᠮᠠᠯ᠎ᠤᠨ ᠬᠤᠴᠢᠯᠭ᠎ᠠ ᠵᠢᠨ ᠬᠡᠮᠵᠢᠶ᠎ᠡ ᠨᠢ 50% ᠳ᠋ᠤ ᠳᠤᠭᠲᠠᠪᠤᠷᠢᠵᠢᠨ᠂ ᠬᠦᠮᠦᠨ ᠳᠤᠮᠳᠠᠴᠢ ᠵᠢᠨ ᠴᠡᠴᠡᠷᠯᠢᠭ᠎ᠤᠨ ᠨᠤᠭᠤᠭᠠᠨ ᠭᠠᠵᠠᠷ᠎ᠤᠨ ᠲᠠᠯᠠᠪᠠᠢ 17.09 ᠳᠡᠭᠰᠢ ᠲᠦᠷᠪᠡᠯᠵᠢᠨ ᠮᠸᠲᠷ ᠲᠸ᠋ ᠬᠦᠷᠴᠦ᠂ ᠴᠦᠮ ᠮᠠᠨ᠎ᠤ ᠤᠯᠤᠰ᠎ᠤᠨ ᠮᠤᠵᠢ ᠵᠢᠨ ᠲᠥᠪ ᠬᠤᠲᠠ ᠵᠢᠨ ᠡᠮᠦᠨ᠎ᠡ ᠡᠩᠨᠡᠭᠡᠨ᠎ᠳᠤ ᠤᠷᠤᠵᠤ ᠪᠤᠢ᠃



ᠢᠷᠡᠯᠳᠡ᠄  ᠳᠠᠯ᠎ᠠ ᠨᠤᠳᠤᠭ᠎ᠤᠨ ᠡᠬᠦᠯᠡ ᠰᠢᠯᠵᠢᠶ᠎ᠡ᠂ᠬᠦᠬᠡᠬᠤᠳᠠ ᠵᠢᠨ ᠬᠠᠮ ᠵᠠᠭᠤᠴᠢᠯᠠᠭᠤᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面