ᠲᠡᠷᠢᠭᠦᠨ ᠨᠢᠭᠤᠷ>ᠵᠢᠷᠭᠢᠶ᠎ᠡ>ᠵᠢᠷᠤᠭᠲᠤ ᠮᠡᠳᠡᠭᠡ

2026-10-31 16:31:40

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 28᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭᠠᠷ ᠬᠤᠭᠤᠴᠠᠭᠠᠨ᠎ᠤ ᠵᠠᠯᠠᠭᠤᠴᠤᠳ ᠪᠠᠭᠠᠴᠤᠳ᠎ᠤᠨ ᠨᠡᠶ᠋ᠢᠲᠡ᠎ᠶᠢᠨ ᠠᠰᠠᠷᠠᠮᠵᠢ᠎ᠶᠢᠨ ᠲᠥᠷᠥᠯ ᠵᠦᠢᠯ᠎ᠦᠨ ᠤᠷᠤᠯᠳᠤᠭᠠᠨ᠎ᠤ ᠦᠵᠡᠭᠦᠯᠭᠡ᠎ᠶᠢᠨ ᠲᠣᠭᠯᠠᠯᠲᠠ ᠵᠢᠴᠢ ᠱᠠᠩᠨᠠᠯ ᠣᠯᠭᠣᠬᠤ ᠶᠣᠰᠣᠯᠠᠯ ᠥᠪᠥᠷ ᠮᠣᠩᠭᠣᠯ᠎ᠤᠨ ᠣᠯᠠᠨ ᠲᠦᠮᠡᠨ᠎ᠦ ᠤᠷᠠᠯᠢᠭ᠋᠎ᠤᠨ ᠣᠷᠳᠣᠨ ᠳ᠋ᠤ ᠶᠠᠪᠤᠭᠳᠠᠪᠠ᠃ ᠲᠤᠯᠤᠨ ᠨᠤᠤᠷ ᠰᠢᠶᠠᠨ᠎ᠤ 《ᠬᠥᠬᠡᠮᠳᠦᠭ ᠡᠯᠡᠰᠦᠨ᠎ᠦ ᠡᠬᠢ·ᠤᠶᠤᠨ᠎ᠢᠶᠠᠷ ᠤᠮᠠᠷᠠᠲᠤ ᠬᠢᠯᠢ᠎ᠶᠢ ᠵᠢᠷᠤᠭᠯᠠᠬᠤ》 ᠤᠮᠠᠷᠠᠲᠤ᠎ᠶᠢᠨ ᠭᠤᠷᠪᠠᠨ ᠤᠷᠤᠨ᠎ᠤ ᠬᠠᠯᠬᠠᠪᠴᠢ ᠤᠢ᠎ᠶᠢᠨ ᠠᠮᠢ ᠠᠬᠤᠢ᠎ᠶᠢᠨ ᠬᠠᠮᠠᠭᠠᠯᠠᠯᠲᠠ᠂ ᠪᠤᠭᠤᠲᠤ᠎ᠶᠢᠨ ᠡᠮᠨᠡᠯᠭᠡ᠎ᠶᠢᠨ ᠳᠡᠭᠡᠳᠦ ᠰᠤᠷᠭᠠᠭᠤᠯᠢ᠎ᠶᠢᠨ 《ᠤᠮᠠᠷᠠᠳᠤ ᠬᠢᠯᠢ ᠵᠢᠨ ᠤᠴᠠᠷᠠᠯ ᠪᠠ ᠡᠷᠡᠬᠦᠯᠵᠢᠯ》 ᠪᠣᠳᠠᠰ᠎ᠤᠨ ᠪᠤᠰᠤ ᠰᠣᠶᠣᠯ᠎ᠤᠨ ᠥᠪ᠎ᠦᠨ ᠵᠠᠰᠠᠯᠭ᠎ᠠ᠎ᠶᠢᠨ ᠦᠢᠯᠡᠳᠬᠡᠯ᠎ᠦᠨ ᠭᠠᠵᠠᠷ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ 《ᠬᠤᠳᠠ᠎ᠶᠢᠨ ᠲᠡᠭᠦᠷᠭᠡ᠎ᠶᠢᠨ ᠰᠤᠷᠭᠠᠭᠤᠯᠢ᠎ᠶᠢᠨ ᠲᠡᠷᠭᠡᠨ᠎ᠳᠡᠬᠢ ᠰᠡᠳᠬᠢᠯ᠎ᠢ ᠳᠤᠯᠠᠭᠠᠴᠠᠭᠤᠯᠬᠤ ᠬᠢᠴᠢᠶᠡᠯ᠎ᠦᠨ ᠲᠠᠩᠬᠢᠮ》 ᠵᠡᠷᠭᠡ 18 ᠲᠦᠷᠦᠯ ᠵᠦᠢᠯ ᠨᠢ ᠳᠤᠭᠤᠢᠯᠠᠩ ᠬᠤᠪᠢᠶᠠᠨ ᠲᠣᠭᠯᠠᠯᠲᠠ ᠦᠵᠡᠭᠦᠯᠭᠡ ᠭᠠᠷᠭᠠᠬᠤ ᠵᠡᠷᠭᠡ ᠬᠡᠯᠪᠡᠷᠢ᠎ᠪᠡᠷ ᠥᠪᠥᠷ ᠮᠣᠩᠭᠣᠯ᠎ᠤᠨ 《ᠬᠦᠰᠡᠯ ᠢᠨᠵᠧᠨᠧᠷᠢᠩ》 ᠪᠣᠯᠣᠨ ᠵᠠᠯᠠᠭᠤᠴᠤᠳ ᠪᠠᠭᠠᠴᠤᠳ᠎ᠤᠨ ᠨᠡᠶ᠋ᠢᠲᠡ᠎ᠶᠢᠨ ᠠᠰᠠᠷᠠᠮᠵᠢ᠎ᠶᠢᠨ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠶᠢᠨ ᠦᠷ᠎ᠡ ᠪᠦᠳᠦᠮᠵᠢ ᠵᠢ ᠠᠮᠢᠳᠤᠯᠢᠭ ᠵᠢᠡᠷ ᠳᠡᠯᠭᠡᠨ ᠦᠵᠡᠬᠦᠯᠪᠡ᠃



ᠲᠣᠰ ᠤᠳᠠᠭᠠᠨ᠎ᠤ ᠤᠷᠤᠯᠳᠤᠭᠠᠨ᠎ᠳᠤ ᠠᠩᠬ᠎ᠠ ᠡᠭᠦᠳᠦᠯᠲᠡ᠎ᠶᠢᠨ ᠳᠤᠭᠤᠢᠯᠠᠩ᠂ ᠪᠣᠶ᠋ᠢᠵᠢᠯᠲᠠ᠎ᠶᠢᠨ ᠳᠤᠭᠤᠢᠯᠠᠩ ᠳᠤᠬᠢᠷᠠᠭᠤᠯᠵᠤ᠂ ᠦᠵᠡᠯ ᠰᠠᠨᠠᠭ᠎ᠠ᠎ᠪᠠᠷ ᠬᠥᠲᠥᠯᠥᠨ ᠳᠠᠭᠠᠭᠤᠯᠬᠤ᠂ ᠵᠠᠯᠠᠭᠤᠴᠤᠳ ᠪᠠᠭᠠᠴᠤᠳ᠎ᠢ ᠬᠠᠯᠠᠮᠵᠢᠯᠠᠨ ᠬᠠᠢᠷᠠᠯᠠᠬᠤ᠂ ᠵᠡᠮᠳᠡᠭᠴᠦᠳ᠎ᠢ ᠲᠤᠰᠠᠯᠠᠬᠤ᠂ ᠠᠮᠤᠷ ᠠᠮᠤᠭᠤᠯᠠᠩ᠎ᠤᠨ ᠪᠠᠢᠭᠤᠯᠤᠯᠲᠠ ᠬᠢᠭᠡᠳ ᠬᠠᠤᠯᠢ᠎ᠪᠠᠷ ᠵᠠᠰᠠᠬᠤ ᠤᠬᠠᠭᠤᠯᠭ᠎ᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠢᠭᠡᠳ ᠪᠣᠬᠢᠷᠲᠤᠯ ᠦᠭᠡᠢ ᠬᠥᠭᠵᠢᠯᠲᠡ᠂ ᠵᠠᠯᠠᠭᠤᠴᠤᠳ ᠪᠠᠭᠠᠴᠤᠳ᠎ᠤᠨ ᠠᠮᠢ ᠠᠬᠤᠢ᠎ᠶᠢᠨ ᠦᠢᠯᠡᠳᠦᠯᠭᠡ᠂ ᠬᠥᠷᠰᠢ ᠵᠡᠷᠭᠡᠯᠡᠳᠡᠭᠡ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠬᠢᠭᠡᠳ ᠨᠡᠢᠭᠡᠮ ᠲᠣᠭᠣᠷᠢᠭ᠋᠎ᠤᠨ ᠦᠢᠯᠡᠴᠢᠯᠡᠭᠡ᠂ ᠰᠦᠯᠵᠢᠶᠡᠨ᠎ᠦ ᠪᠣᠯᠪᠠᠰᠤᠨ ᠬᠢᠭᠡᠳ ᠰᠢᠨ᠎ᠡ᠎ᠶᠢ ᠡᠭᠦᠳᠬᠦ ᠬᠥᠭᠵᠢᠯᠲᠡ ᠵᠡᠷᠭᠡ 8 ᠲᠥᠷᠥᠯ ᠵᠦᠢᠯ᠎ᠢ ᠬᠠᠮᠤᠷᠴᠠᠢ᠃ ᠤᠷᠤᠯᠳᠤᠭᠠᠨ᠎ᠢ ᠡᠨᠡ ᠵᠢᠯ᠎ᠦᠨ 7 ᠰᠠᠷ᠎ᠠ᠎ᠳᠤ ᠡᠬᠢᠯᠡᠭᠦᠯᠦᠭᠰᠡᠨ᠎ᠡᠴᠡ ᠨᠠᠭᠠᠰᠢ᠂ ᠨᠡᠢ᠍ᠢᠳᠡ 576 ᠲᠦᠷᠦᠯ ᠵᠦᠢᠯ᠎ᠢ ᠭᠤᠶᠤᠴᠢᠯᠠᠨ ᠮᠡᠳᠡᠭᠦᠯᠵᠡᠢ᠃ ᠠᠩᠬᠠᠨ᠎ᠤ ᠰᠢᠯᠭᠠᠷᠠᠭᠤᠯᠤᠯᠲᠠ᠂ ᠠᠬᠤᠢ ᠳᠠᠯᠠᠪᠠᠢ ᠵᠢᠨ ᠲᠣᠭᠯᠠᠯᠲᠠ ᠵᠡᠷᠭᠡ ᠶᠠᠪᠤᠴᠠ᠎ᠪᠠᠷ ᠳᠡᠮᠵᠢᠨ᠂ ᠬᠠᠮᠤᠭ ᠡᠴᠦᠰ᠎ᠲᠦ 《ᠰᠢᠯᠭᠠᠷᠠᠭᠰᠠᠨ ᠬᠡᠪ ᠳᠠᠭᠤᠷᠢᠶᠠᠯ ᠪᠣᠯᠬᠤ ᠲᠥᠷᠥᠯ ᠵᠦᠢᠯ》᠂ 《ᠴᠢᠨᠠᠷ ᠰᠠᠢᠲᠠᠢ ᠪᠣᠶ᠋ᠢᠵᠢᠯᠲᠠ᠎ᠶᠢᠨ ᠲᠥᠷᠥᠯ ᠵᠦᠢᠯ》᠂ 《ᠰᠢᠨ᠎ᠡ ᠪᠡᠷ ᠴᠤᠯᠭᠤᠷᠤᠭᠰᠠᠨ ᠳᠠᠯᠳᠠ ᠬᠦᠴᠦᠨ ᠪᠦᠬᠦᠢ ᠲᠥᠷᠥᠯ ᠵᠦᠢᠯ》᠎ᠢ ᠰᠢᠯᠭᠠᠷᠠᠭᠤᠯᠤᠨ ᠭᠠᠷᠭᠠᠵᠤ᠂ 20 ᠲᠥᠷᠥᠯ ᠵᠦᠢᠯ᠎ᠢ ᠬᠥᠮᠥᠷᠭᠡ᠎ᠳᠦ ᠣᠷᠣᠭᠤᠯᠬᠤ᠎ᠶᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠬᠥᠭᠵᠢᠯᠲᠡ᠎ᠶᠢᠨ ᠰᠠᠭᠤᠷᠢ ᠮᠥᠩᠭᠥᠨ᠎ᠦ ᠨᠡᠢᠭᠡᠮᠯᠢᠭ᠎ᠦᠨ ᠲᠤᠰᠬᠠᠢ ᠪᠡᠯᠡ ᠮᠥᠩᠭᠥ᠎ᠶᠢᠨ ᠳᠡᠮᠵᠢᠯᠭᠡ᠎ᠶᠢ ᠭᠥᠷᠳᠡᠬᠡᠬᠦ ᠪᠤᠯᠤᠨ᠎ᠠ᠃



ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ ᠪᠠᠰᠠ ᠥᠪᠥᠷ ᠮᠣᠩᠭᠣᠯ᠎ᠤᠨ ᠬᠦᠰᠡᠯ ᠢᠨᠵᠧᠨᠧᠷᠢᠩ᠎ᠦᠨ ᠵᠢᠷᠭᠢᠶ᠎ᠡ᠎ᠶᠢᠨ ᠵᠢᠵᠢᠭ ᠫᠷᠣᠭ᠌ᠷᠠᠮ᠎ᠢ ᠵᠢᠩᠬᠢᠨᠢ᠎ᠪᠡᠷ ᠰᠦᠯᠵᠢᠶᠡᠨ᠎ᠳᠦ ᠣᠷᠣᠭᠤᠯᠪᠠ᠃ ᠲᠠᠪᠴᠠᠩ ᠨᠢ ᠡᠳ᠋ ᠮᠥᠩᠭᠥ᠎ᠪᠡᠷ ᠰᠤᠷᠤᠯᠭ᠎ᠠ᠎ᠶᠢ ᠲᠡᠳᠬᠦᠬᠦ᠂ ᠬᠡᠪ ᠴᠢᠨᠠᠷ᠎ᠢ ᠳᠡᠭᠡᠭᠰᠢᠯᠡᠭᠦᠯᠬᠦ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ᠂ ᠰᠤᠷᠭᠠᠭᠤᠯᠢ ᠡᠷᠭᠢᠯᠡᠬᠦ ᠨᠥᠬᠥᠴᠡᠯ᠎ᠢ ᠰᠠᠢᠵᠢᠷᠠᠭᠤᠯᠬᠤ ᠳᠥᠷᠪᠡᠨ ᠶᠡᠬᠡ ᠴᠢᠭᠯᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠨᠢᠭᠡ ᠲᠥᠭᠥᠷᠢᠭ᠎ᠦᠨ ᠬᠠᠨᠳᠢᠪᠯᠡᠯ᠂ ᠰᠠᠷ᠎ᠠ᠎ᠶᠢᠨ ᠬᠠᠨᠳᠢᠪᠯᠡᠯ᠂ ᠬᠦᠰᠡᠯ᠎ᠢ ᠳᠡᠮᠵᠢᠬᠦ ᠵᠡᠷᠭᠡ ᠦᠢᠯᠡᠴᠢᠯᠡᠭᠡ ᠬᠠᠩᠭᠠᠵᠤ᠂ ᠨᠡᠶ᠋ᠢᠲᠡ᠎ᠶᠢᠨ ᠠᠰᠠᠷᠠᠮᠵᠢ᠎ᠶᠢᠨ ᠬᠡᠷᠡᠭᠴᠡᠭᠡ ᠱᠠᠭᠠᠷᠳᠠᠯᠭ᠎ᠠ ᠬᠢᠭᠡᠳ ᠨᠡᠢᠭᠡᠮ᠎ᠦᠨ ᠡᠬᠢ ᠪᠠᠶᠠᠯᠢᠭ᠋᠎ᠢ ᠨᠠᠷᠢᠯᠢᠭ᠋ ᠣᠨᠣᠴᠠᠲᠠᠢ᠎ᠪᠠᠷ ᠵᠣᠯᠭᠠᠭᠤᠯᠬᠤ᠎ᠶᠢ ᠠᠬᠢᠭᠤᠯᠬᠤ᠎ᠶᠢᠨ ᠬᠠᠮᠲᠤ ᠪᠥᠬᠥ ᠶᠠᠪᠤᠴᠠ᠎ᠶᠢᠨ ᠢᠯᠡ ᠲᠣᠳᠣ᠌ ᠡᠬᠢ ᠡᠬᠦᠰᠦᠯ᠎ᠢ ᠮᠦᠷᠳᠡᠬᠦ ᠲᠣᠭᠲᠠᠴᠠ᠎ᠪᠠᠷ ᠳᠠᠮᠵᠢᠭᠤᠯᠤᠨ ᠨᠡᠶ᠋ᠢᠲᠡ᠎ᠶᠢᠨ ᠠᠰᠠᠷᠠᠮᠵᠢ᠎ᠶᠢᠨ ᠵᠦᠢᠯᠡᠰ᠎ᠢ ᠤᠯᠠᠮ ᠢᠯᠡ ᠳᠤᠳᠤ ᠪᠤᠯᠭᠠᠵᠠᠢ᠃



ᠪᠦᠷᠢᠳᠬᠡᠯ᠎ᠢ ᠦᠨᠳᠦᠰᠦᠯᠡᠪᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠬᠥᠭᠵᠢᠯᠲᠡ᠎ᠶᠢᠨ ᠰᠠᠭᠤᠷᠢ ᠮᠥᠩᠭᠥᠨ᠎ᠦ ᠨᠡᠢᠭᠡᠮᠯᠢᠭ 1990 ᠣᠨ᠎ᠳᠤ ᠪᠠᠢᠭᠤᠯᠤᠭᠳᠠᠭᠰᠠᠨ ᠠ᠋ᠴᠠ ᠨᠠᠭᠠᠰᠢ᠂ ᠨᠡᠶ᠋ᠢᠲᠡ 8.19 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠴᠤᠭᠯᠠᠭᠤᠯᠵᠤ ᠭᠡᠷ᠎ᠤᠨ ᠠᠮᠢᠳᠤᠷᠠᠯ ᠨᠢ ᠬᠦᠴᠢᠷᠳᠡᠯᠲᠡᠢ 18.86 ᠲᠦᠮᠡᠨ ᠵᠠᠯᠠᠭᠤᠴᠤᠳ ᠪᠠᠭᠠᠴᠤᠳ᠎ᠢ ᠲᠤᠰᠠᠯᠠᠭᠰᠠᠨ ᠪᠠᠢᠨ᠎ᠠ᠃

ᠢᠷᠡᠯᠳᠡ᠄ ᠳᠤᠮᠳᠠᠳᠤ ᠤᠯᠤᠰ᠎ᠤᠨ ᠵᠠᠯᠠᠭᠤᠴᠤᠳ ᠰᠣᠨᠢᠨ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面