ᠲᠡᠷᠢᠭᠦᠨ ᠨᠢᠭᠤᠷ>ᠵᠢᠷᠭᠢᠶ᠎ᠡ>ᠵᠢᠷᠤᠭᠲᠤ ᠮᠡᠳᠡᠭᠡ

2026-11-02 17:27:06

ᠵᠣᠬᠢᠶᠠᠭ᠍ᠴᠢ᠄ ᠬᠠᠨ ᠰᠢᠦᠸᠠᠢ ᠷᠦ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 30᠎ᠤ ᠡᠳᠦᠷ 2026 ᠣᠨ᠎ᠤ ᠪᠥᠬᠥ ᠤᠯᠤᠰ᠎ᠤᠨ ᠠᠮᠤ ᠲᠣᠰᠣ᠌ ᠪᠠ ᠰᠢᠷ᠎ᠠ ᠪᠤᠷᠴᠠᠭ᠎ᠤᠨ ᠠᠵᠤ ᠦᠢᠯᠡᠰ᠎ᠦᠨ ᠦᠵᠡᠰᠬᠦᠯᠡᠩ᠎ᠦᠨ ᠴᠤᠭᠯᠠᠭᠠᠨ ᠵᠧᠩᠵᠧᠦ᠎ᠳᠦ ᠶᠠᠪᠤᠭᠳᠠᠪᠠ᠃ ᠥᠪᠥᠷ ᠮᠣᠩᠭᠣᠯ᠎ᠤᠨ 180 ᠭᠠᠷᠤᠢ ᠲᠥᠷᠥᠯ᠎ᠦᠨ ᠣᠨᠴᠠᠯᠢᠭ᠍ᠲᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠦᠵᠡᠰᠬᠦᠯᠡᠩ᠎ᠦᠨ ᠴᠤᠭᠯᠠᠭᠠᠨ᠎ᠳᠤ ᠣᠷᠣᠯᠴᠠᠪᠠ᠃ 



ᠲᠣᠰ ᠤᠳᠠᠭᠠᠨ᠎ᠤ ᠦᠵᠡᠰᠬᠦᠯᠡᠩ᠎ᠦᠨ ᠴᠤᠭᠯᠠᠭᠠᠨ ᠨᠢ 《ᠠᠮᠤ ᠲᠣᠰᠣᠨ᠎ᠤ ᠠᠵᠤ ᠦᠢᠯᠡᠰ᠎ᠢ ᠬᠥᠭᠵᠢᠭᠦᠯᠵᠦ᠂ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ》 ᠪᠡᠷ ᠭᠣᠣᠯ ᠰᠡᠳᠦᠪ ᠪᠣᠯᠭᠠᠵᠤ᠂ ᠠᠮᠤ ᠲᠣᠰᠣ᠌ ᠪᠠ ᠰᠢᠷ᠎ᠠ ᠪᠤᠷᠴᠠᠭ᠎ᠤᠨ ᠠᠵᠤ ᠦᠢᠯᠡᠰ᠎ᠦᠨ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ᠂ ᠰᠢᠨ᠎ᠡ ᠲᠣᠨᠣᠭ ᠲᠥᠬᠦᠭᠡᠷᠦᠮᠵᠢ᠂ ᠰᠢᠨ᠎ᠡ ᠡᠵᠡᠩᠨᠡᠯᠲᠡ᠎ᠶᠢᠨ ᠬᠡᠯᠪᠡᠷᠢ ᠵᠢ ᠲᠥᠪᠯᠡᠷᠡᠭᠦᠯᠦᠨ ᠳᠡᠯᠭᠡᠨ ᠦᠵᠡᠭᠦᠯᠵᠦ᠂ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ᠂ ᠲᠦᠷᠦᠯ ᠲᠡᠮᠳᠡᠭ᠎ᠢ ᠲᠠᠨᠢᠯᠴᠠᠭᠤᠯᠬᠤ ᠪᠠ ᠠᠵᠤ ᠦᠢᠯᠡᠰ᠎ᠦᠨ ᠰᠣᠯᠢᠯᠴᠠᠭᠠᠨ᠎ᠤ ᠲᠠᠪᠴᠠᠩ᠎ᠢ ᠪᠣᠶ ᠪᠣᠯᠭᠠᠪᠠ᠃ ᠥᠪᠥᠷ ᠮᠣᠩᠭᠣᠯ ᠪᠥᠬᠥ ᠣᠷᠣᠨ᠎ᠤ 12 ᠠᠢᠮᠠᠭ ᠬᠣᠲᠠ᠂ 48 ᠠᠵᠤ ᠠᠬᠤᠢᠯᠠᠯ᠎ᠢ ᠵᠣᠬᠢᠶᠠᠨ ᠪᠠᠢᠭᠤᠯᠤᠨ ᠦᠵᠡᠰᠬᠦᠯᠡᠩ᠎ᠳᠦ ᠣᠷᠣᠯᠴᠠᠭᠤᠯᠵᠤ᠂ ᠪᠦᠲᠦᠭᠡᠭᠳᠡᠬᠦᠨ᠎ᠳᠦ ᠠᠮᠤ ᠳᠤᠰᠤᠨ᠎ᠤ ᠢᠳᠡᠭᠡᠨ᠂ ᠴᠠᠭᠠᠨ ᠢᠳᠡᠭᠡᠨ᠂ ᠤᠯᠠᠭᠠᠨ ᠢᠳᠡᠭᠡᠨ᠂ ᠰᠤᠯᠠ ᠢᠳᠡᠭᠡᠨ᠂ ᠠᠮᠲᠠ ᠣᠷᠣᠭᠤᠯᠬᠤ ᠡᠳ᠋ ᠵᠢᠴᠢ ᠡᠯ᠎ᠡ ᠲᠥᠷᠥᠯ᠎ᠦᠨ ᠣᠨᠴᠠᠯᠢᠭ᠍ᠲᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠬᠠᠮᠤᠷᠴᠤ᠂ 《ᠠᠮᠤ ᠵᠢᠨ ᠰᠠᠡᠭ》᠎ᠤᠨ ᠪᠣᠳᠠᠲᠤ ᠬᠦᠴᠦᠨ᠎ᠢ ᠪᠥᠬᠥ ᠲᠠᠯ᠎ᠠ᠎ᠪᠠᠷ ᠢᠯᠡᠷᠡᠭᠦᠯᠪᠡ ᠃



《ᠨᠤᠲᠤᠭ᠎ᠤᠨ ᠣᠨᠴᠠ ᠭᠠᠷᠤᠯᠲᠠ》 ᠵᠢᠨ ᠲᠣᠮᠣ᠌ ᠰᠢᠶᠠᠨ᠎ᠤ ᠲᠠᠨᠢᠯᠴᠠᠭᠤᠯᠭ᠎ᠠ᠎ᠶᠢᠨ ᠭᠣᠭᠴᠣᠭ᠎ᠠ᠎ᠳᠤ᠂ 《ᠠᠤᠬᠠᠨ ᠳ᠋ᠤ ᠭᠠᠭᠴᠠ ᠨᠠᠷᠢᠮᠤ ᠯᠠ ᠪᠠᠢᠬᠤ ᠪᠢᠰᠢ》 ᠭᠡᠳᠡᠭ᠎ᠢᠶᠡᠷ ᠭᠣᠣᠯ ᠰᠡᠳᠦᠪ ᠪᠣᠯᠭᠠᠭᠰᠠᠨ ᠲᠤᠰᠬᠠᠢ ᠰᠡᠳᠦᠪᠲᠦ ᠲᠠᠨᠢᠯᠴᠠᠭᠤᠯᠭ᠎ᠠ ᠨᠢ ᠲᠦᠷᠦᠯ ᠳᠡᠮᠳᠡᠭ᠎ᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠵᠤ᠂ 《ᠨᠠᠷᠠᠲᠤ ᠠᠵᠤ ᠠᠬᠤᠢᠯᠠᠯ ᠨᠠᠷᠠᠲᠤ ᠪᠦᠲᠦᠭᠡᠭᠳᠡᠬᠦᠨ》᠎ᠢ ᠲᠠᠨᠢᠯᠴᠠᠭᠤᠯᠬᠤ ᠭᠣᠭᠴᠣᠭ᠎ᠠ᠎ᠳᠤ᠂ ᠥᠪᠥᠷ ᠮᠣᠩᠭᠣᠯ᠎ᠤᠨ ᠾᠧᠩ ᠹᠧᠩ ᠪᠦᠯᠦᠭᠯᠡᠯ᠎ᠦᠨ ᠶᠢᠨ ᠯᠢᠶᠠᠡᠭ ᠭᠤᠯᠢᠷ᠎ᠤᠨ ᠦᠢᠯᠡᠰ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠨ 《ᠳᠠᠯᠠᠨ ᠵᠢᠯ ᠠᠮᠤ ᠪᠤᠳᠠᠭᠠᠨ᠎ᠤ ᠦᠢᠯᠡᠰ᠎ᠲᠦ ᠬᠦᠨ ᠦᠨᠳᠦᠰᠦᠯᠡᠵᠤ ᠳᠤᠮᠳᠠᠳᠤ ᠤᠯᠤᠰ᠎ᠤᠨ ᠪᠤᠳᠠᠭᠠᠨ ᠠᠶᠠᠭ᠎ᠠ᠎ᠶᠢ ᠪᠠᠲᠤ ᠪᠡᠬᠢ ᠪᠠᠷᠢᠰᠤᠭᠠᠢ》 ᠭᠡᠬᠦ ᠰᠡᠳᠦᠪ᠎ᠢᠶᠡᠷ ᠲᠤᠰᠬᠠᠢ ᠰᠡᠳᠦᠪᠲᠦ ᠲᠠᠨᠢᠯᠴᠠᠭᠤᠯᠭ᠎ᠠ ᠬᠢᠵᠦ᠂ ᠥᠪᠥᠷ ᠮᠣᠩᠭᠣᠯ᠎ᠤᠨ ᠠᠮᠤ ᠲᠣᠰᠣᠨ᠎ᠤ ᠠᠵᠤ ᠠᠬᠤᠢᠯᠠᠯ᠎ᠤᠨ ᠬᠠᠷᠢᠭᠤᠴᠠᠯᠭ᠎ᠠ ᠪᠠ ᠡᠭᠦᠷᠭᠡᠯᠡᠯ᠎ᠢ ᠳᠤᠭᠠᠴᠢᠭᠰᠠᠨ ᠪᠠᠢᠨ᠎ᠠ᠃



ᠥᠪᠥᠷ ᠮᠣᠩᠭᠣᠯ᠎ᠳᠤ 1.7 ᠳ᠋ᠦᠩᠰᠢᠭᠤᠷ ᠮᠦ᠍ ᠲᠠᠷᠢᠶᠠᠨ ᠭᠠᠵᠠᠷ᠎ᠲᠠᠢ ᠪᠠᠢᠵᠤ᠂ ᠪᠥᠬᠥ ᠤᠯᠤᠰ᠎ᠤᠨ ᠴᠥᠭᠡᠨ ᠲᠣᠭᠠᠨ᠎ᠤ ᠲᠠᠷᠢᠶᠠᠨ ᠭᠠᠵᠠᠷ᠎ᠤᠨ ᠬᠠᠳᠠᠭᠠᠯᠠᠯᠲᠠ᠎ᠶᠢᠨ ᠬᠡᠮᠵᠢᠶ᠎ᠡ ᠨᠢ ᠳ᠋ᠦᠩᠰᠢᠭᠤᠷ ᠮᠦ᠍᠎ᠶᠢ ᠳᠠᠪᠠᠭᠰᠠᠨ ᠮᠤᠵᠢ ᠣᠷᠣᠨ ᠪᠣᠯᠣᠨ᠎ᠠ; 4400 ᠲᠦᠮᠡᠨ ᠮᠦ᠍ ᠬᠠᠷ᠎ᠠ ᠬᠦᠷᠦᠰᠦᠳᠤ ᠭᠠᠵᠠᠷ ᠨᠢ ᠪᠥᠬᠥ ᠤᠯᠤᠰ᠎ᠤᠨ ᠭᠤᠷᠪᠠᠳᠤᠭᠠᠷ᠎ᠲᠤ ᠵᠢᠭ᠍ᠰᠠᠭᠠᠭᠳᠠᠪᠠ; ᠪᠥᠬᠥ ᠣᠷᠣᠨ᠎ᠤ ᠠᠮᠤ ᠪᠤᠳᠠᠭᠠᠨ᠎ᠤ ᠤᠨᠠᠯᠲᠠ 840 ᠳ᠋ᠦᠩᠰᠢᠭᠤᠷ ᠵᠢᠩ᠎ᠡᠴᠡ ᠳᠡᠭᠡᠭᠰᠢ ᠬᠡᠮᠵᠢᠶᠡᠨ᠎ᠳᠦ ᠲᠣᠭᠲᠠᠪᠤᠷᠢᠵᠢᠵᠤ᠂ ᠪᠥᠬᠥ ᠤᠯᠤᠰ᠎ᠤᠨ ᠲᠠᠪᠤᠳᠤᠭᠠᠷ᠎ᠲᠤ ᠲᠣᠭᠲᠠᠭᠤᠨ᠎ᠢᠶᠠᠷ ᠪᠠᠢᠷᠢᠯᠠᠵᠤ᠂ ᠵᠢᠯ ᠪᠦᠷᠢ ᠭᠠᠳᠠᠭ᠍ᠰᠢ 500 ᠳ᠋ᠦᠩᠰᠢᠭᠤᠷ ᠵᠢᠩ ᠠᠮᠤ ᠪᠤᠳᠠᠭ᠎ᠠ ᠭᠠᠷᠭᠠᠵᠤ ᠪᠠᠢᠨ᠎ᠠ᠃ ᠥᠪᠥᠷ ᠮᠣᠩᠭᠣᠯ᠎ᠳᠤ 8 ᠳ᠋ᠦᠩᠰᠢᠭᠤᠷ ᠮᠦ᠍ ᠥᠷᠭᠡᠨ ᠠᠭᠤᠳᠠᠮ ᠨᠤᠲᠤᠭ ᠪᠡᠯᠴᠢᠭᠡᠷ᠎ᠲᠠᠢ ᠪᠠᠢᠵᠤ᠂ ᠮᠠᠯ᠎ᠤᠨ ᠲᠣᠭ᠎ᠠ ᠲᠣᠯᠣᠭᠠᠢ 7000 ᠲᠦᠮᠡ ᠰᠢᠬᠠᠮ ᠪᠠᠢᠵᠤ᠂ ᠦᠨᠢᠶᠡᠨ ᠰᠦ᠂ ᠬᠣᠨᠢᠨ ᠮᠢᠬ᠎ᠠ᠂ ᠦᠬᠡᠷ᠎ᠦᠨ ᠮᠢᠬ᠎ᠠ᠂ ᠢᠮᠠᠭᠠᠨ ᠨᠣᠤᠯᠤᠭᠤᠷ᠎ᠤᠨ ᠭᠠᠷᠤᠯᠲᠠ ᠪᠥᠬᠥ ᠤᠯᠤᠰ᠎ᠤᠨ ᠨᠢᠭᠡᠳᠦᠭᠡᠷ᠎ᠲᠦ ᠲᠣᠭᠲᠠᠭᠤᠨ ᠪᠠᠢᠷᠢᠯᠠᠵᠤ ᠪᠠᠢᠨ᠎ᠠ᠃ ᠣᠢᠷ᠎ᠠ᠎ᠶᠢᠨ ᠵᠢᠯ᠎ᠡᠴᠡ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠰᠠᠢᠲᠤᠷ ᠪᠦᠲᠦᠭᠡᠨ ᠪᠠᠶ᠋ᠢᠭᠤᠯᠬᠤ᠎ᠶᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠦᠷ᠎ᠡ᠎ᠶᠢᠨ ᠴᠢᠫ᠎ᠤᠨ ᠢᠨᠵᠧᠨᠧᠷᠢᠩ᠂ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ᠎ᠶᠢ ᠳᠡᠭᠡᠭᠰᠢᠯᠡᠭᠦᠯᠬᠦ ᠢᠨᠵᠧᠨᠧᠷᠢᠩ᠂ ᠡᠷᠳᠡᠨᠢ ᠰᠢᠰᠢ᠎ᠶᠢᠨ ᠠᠮᠢᠳᠤ ᠪᠣᠳᠠᠰ᠎ᠤᠨ ᠦᠢᠯᠡᠳᠬᠡᠯ᠎ᠦᠨ ᠠᠵᠤ ᠦᠢᠯᠡᠰ᠎ᠦᠨ ᠰᠢᠯᠢᠳᠡᠭ᠎ᠢ ᠪᠣᠢᠵᠢᠭᠤᠯᠬᠤ ᠢᠨᠵᠧᠨᠧᠷᠢᠩ ᠵᠡᠷᠭᠡ 《ᠠᠷᠪᠠᠨ ᠶᠡᠬᠡ ᠢᠨᠵᠧᠨᠧᠷᠢᠩ》᠎ᠢ ᠬᠡᠷᠡᠭᠵᠢᠭᠦᠯᠵᠦ᠂ ᠮᠠᠯ ᠠᠵᠤ ᠠᠬᠤᠢ᠎ᠶᠢᠨ ᠬᠡᠯᠪᠡᠷᠢ᠎ᠶᠢ ᠬᠤᠪᠢᠷᠠᠭᠤᠯᠤᠨ ᠳᠡᠰ ᠳᠡᠪᠰᠢᠭᠦᠯᠬᠦ᠎ᠶᠢ ᠲᠦᠷᠭᠡᠳᠬᠡᠨ ᠠᠬᠢᠭᠤᠯᠵᠤ᠂ ᠪᠦᠬᠦ ᠠᠵᠤ ᠦᠢᠯᠡᠰ᠎ᠦᠨ ᠬᠡᠯᠬᠢᠶ᠎ᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠵᠤ ᠪᠠᠢᠨ᠎ᠠ᠃

ᠳᠠᠷᠠᠭᠠᠴᠢ᠎ᠶᠢᠨ ᠠᠯᠬᠤᠮ᠎ᠳᠤ᠂ ᠥᠪᠥᠷ ᠮᠣᠩᠭᠣᠯ ᠦᠷᠭᠦᠯᠵᠢᠯᠡᠨ ᠳᠠᠪᠠᠭᠤᠯᠢᠭᠳᠤ ᠲᠠᠷᠢᠶᠠᠯᠠᠩ ᠮᠠᠯ ᠠᠵᠤ ᠠᠬᠤᠢ᠎ᠶᠢᠨ ᠡᠬᠢ ᠪᠠᠶᠠᠯᠢᠭ᠋᠎ᠲᠤ ᠲᠦᠰᠢᠭᠯᠡᠵᠦ᠂ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ ᠴᠢᠬᠤᠯᠠ ᠶᠡᠬᠡ ᠬᠠᠷᠢᠭᠤᠴᠠᠯᠭ᠎ᠠ᠎ᠶᠢ ᠪᠠᠲᠤ ᠡᠭᠦᠷᠭᠡᠯᠡᠵᠦ᠂ ᠲᠠᠷᠢᠶᠠᠯᠠᠩ ᠮᠠᠯ ᠠᠵᠤ ᠠᠬᠤᠢ᠎ᠶᠢᠨ ᠲᠦᠷᠦᠯ ᠲᠡᠮᠳᠡᠭ᠎ᠦᠨ ᠪᠠᠢᠭᠤᠯᠤᠯᠲᠠ᠎ᠶᠢ ᠦᠷᠭᠦᠯᠵᠢᠯᠡᠨ ᠴᠢᠩᠭᠠᠳᠬᠠᠵᠤ᠂ ᠡᠵᠡᠩᠨᠡᠨ ᠪᠣᠷᠣᠯᠠᠭᠤᠯᠬᠤ ᠠᠷᠭ᠎ᠠ ᠵᠠᠮ᠎ᠢ ᠥᠷᠭᠡᠳᠬᠡᠵᠦ᠂ ᠣᠷᠣᠨ ᠪᠦᠰᠡ ᠠᠯᠤᠰᠯᠠᠭᠰᠠᠨ ᠦᠢᠯᠡᠳᠪᠦᠷᠢᠯᠡᠯ ᠪᠣᠷᠤᠯᠠᠭᠤᠯᠭ᠎ᠠ᠎ᠶᠢᠨ ᠬᠡᠯᠬᠢᠶ᠎ᠡ᠎ᠶᠢ ᠨᠡᠪᠲᠡᠷᠡᠭᠦᠯᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面