ᠲᠡᠷᠢᠭᠦᠨ ᠨᠢᠭᠤᠷ>ᠵᠢᠷᠭᠢᠶ᠎ᠡ>ᠵᠢᠷᠤᠭᠲᠤ ᠮᠡᠳᠡᠭᠡ

2026-11-06 17:00:58

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2026 ᠣᠨ᠎ᠤ 10 ᠰᠠᠷ᠎ᠠ᠎ᠶᠢᠨ 31᠎ᠦ ᠡᠳᠦᠷ᠎ᠡᠴᠡ 11 ᠰᠠᠷ᠎ᠠ ᠵᠢᠨ 2᠎ᠤᠨ ᠡᠳᠤᠷ ᠎ᠲᠦ᠂ 78 ᠳ᠋ᠤᠭᠠᠷ ᠬᠤᠭᠤᠴᠠᠭᠠᠨ᠎ᠤ ᠭᠧᠷᠮᠠᠨ᠎ᠤ ᠨᠢᠤᠢ᠍ᠢᠷᠸᠨ᠋ᠪᠦ᠋ᠷᠡᠭ᠎ᠤᠨ ᠣᠯᠠᠨ ᠤᠯᠤᠰ᠎ᠤᠨ ᠡᠭᠦᠳᠦᠯᠲᠡ᠎ᠶᠢᠨ ᠦᠵᠡᠰᠬᠦᠯᠡᠡᠭ(iENA)ᠭᠧᠷᠮᠠᠨ᠎ᠤ ᠨᠢᠤᠢ᠍ᠢᠷᠸᠨ᠋ᠪᠥ᠋ᠷᠡᠭ᠎ᠤᠨ ᠣᠯᠠᠨ ᠤᠯᠤᠰ᠎ᠤᠨ ᠦᠵᠡᠰᠬᠦᠯᠡᠡᠭ᠎ᠤᠨ ᠲᠥᠪ᠎ᠲᠦ ᠶᠠᠪᠤᠭᠳᠠᠪᠠ᠂ 20 ᠭᠠᠷᠤᠢ ᠤᠯᠤᠰ ᠪᠠ ᠭᠠᠵᠠᠷ ᠣᠷᠣᠨ᠎ᠤ 600 ᠰᠢᠬᠠᠮ ᠵᠦᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠤᠷᠤᠯᠳᠤᠭᠠᠨ᠎ᠳᠤ ᠣᠷᠣᠯᠴᠠᠵᠤ ᠦᠷᠢᠰᠦᠯᠳᠦᠪᠡ᠃



ᠤᠯᠠᠭᠠᠨᠬᠠᠳᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ 2025  ᠤᠨ᠎ᠤ 2 ᠳ᠋ᠤᠭᠠᠷ ᠠᠩᠭᠢ᠎ᠶᠢᠨ ᠵᠠᠩ ᠫᠧᠩ ᠸᠧᠢ᠂ 2026   ᠤᠨ᠎ᠤ 2 ᠳ᠋ᠤᠭᠠᠷ ᠠᠩᠭᠢ᠎ᠶᠢᠨ ᠢᠦᠢ ᠬᠠᠨ ᠪᠥᠸᠧ ᠪᠣᠯᠣᠨ ᠥᠨᠳᠥᠷ ᠳᠤᠮᠳᠠᠳᠤ᠎ᠶᠢᠨ ᠬᠣᠶᠠᠳᠤᠭᠠᠷ ᠣᠨ᠎ᠤ 14 ᠳ᠋ᠤᠭᠡᠷ ᠠᠩᠭᠢ᠎ᠶᠢᠨ ᠯᠢ ᠬᠤᠤ ᠢᠦᠢ ᠰᠢᠨ᠎ᠡ ᠵᠢ ᠡᠭᠦᠳᠦᠭᠰᠡᠨ ᠲᠥᠷᠥᠯ ᠵᠦᠢᠯ 《AI ᠤᠷᠭᠤᠮᠠᠯ᠎ᠤᠨ ᠬᠠᠮᠢᠶᠠᠷᠤᠭ᠍ᠴᠢ (AI Plant Steward)》 ᠪᠡᠷ ᠵᠢᠡᠨ ᠰᠢᠷᠦᠬᠦᠨ ᠥᠷᠢᠰᠦᠯᠳᠦᠭᠡᠨ ᠳ᠋ᠤ ᠴᠣᠯᠭᠣᠷᠠᠨ ᠭᠠᠷᠴᠤ᠂ iENA ᠵᠢᠨ ᠣᠯᠠᠨ ᠤᠯᠤᠰ᠎ᠤᠨ ᠡᠭᠦᠳᠦᠯᠲᠡ᠎ᠶᠢᠨ ᠦᠵᠡᠰᠬᠦᠯᠡᠩ᠎ᠦᠨ ᠠᠯᠲᠠᠨ ᠱᠠᠩᠨᠠᠯ ᠵᠢᠴᠢ ᠺᠷᠤᠲ᠋ᠢᠶ᠎ᠠ ᠵᠢᠨ ᠰᠢᠨ᠎ᠡ᠎ᠶᠢ ᠡᠭᠦᠳᠦᠭᠰᠡᠨ ᠱᠠᠩᠨᠠᠯ᠎ᠢ ᠭᠥᠷᠳᠡᠪᠡ᠃



ᠨᠢᠤᠢ᠍ᠢᠷᠸᠨ᠋ᠪᠦ᠋ᠷᠡᠭ᠎ᠤᠨ ᠤᠯᠠᠨ ᠤᠯᠤᠰ᠎ᠤᠨ ᠡᠭᠦᠳᠦᠯᠲᠡ᠎ᠶᠢᠨ ᠦᠵᠡᠰᠬᠦᠯᠡᠡᠭ ᠬᠢᠭᠡᠳ ᠵᠧᠨᠧᠸᠠ᠎ᠶᠢᠨ ᠡᠭᠦᠳᠦᠯᠲᠡ᠎ᠶᠢᠨ ᠦᠵᠡᠰᠬᠦᠯᠡᠡᠭ᠂ ᠠᠮᠧᠷᠢᠺᠠ᠎ᠶᠢᠨ ᠫᠢᠽᠪᠦ᠋ᠷᠡᠭ᠎ᠤᠨ ᠡᠭᠦᠳᠦᠯᠲᠡ᠎ᠶᠢᠨ ᠦᠵᠡᠰᠬᠦᠯᠡᠡᠭ᠎ᠢ ᠬᠠᠮᠲᠤ ᠳ᠋ᠤᠨᠢ 《ᠪᠦᠬᠦ ᠪᠥᠮᠪᠥᠷᠴᠡᠭ᠎ᠦᠨ ᠭᠤᠷᠪᠠᠨ ᠶᠡᠬᠡ ᠡᠭᠦᠳᠦᠯᠲᠡ᠎ᠶᠢᠨ ᠦᠵᠡᠰᠬᠦᠯᠡᠡᠭ》 ᠭᠡᠳᠡᠭ ᠃

ᠦᠪᠦᠷ ᠮᠤᠩᠭᠤᠯ᠎ᠤᠨ ᠭᠤᠷᠪᠠᠨ ᠰᠤᠷᠤᠬᠴᠢ ᠳ᠋ᠠᠭᠠᠨ ᠪᠠᠶᠠᠷ ᠬᠦᠷᠭᠡᠶ᠎ᠡ!








ᠢᠷᠡᠯᠲᠡ᠄ ᠬᠤᠩᠱᠠᠨ ᠣᠷᠣᠢ ᠶ᠋ᠢᠨ ᠰᠣᠨᠢᠨ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面