ᠲᠡᠷᠢᠭᠦᠨ ᠨᠢᠭᠤᠷ>ᠰᠢᠨ᠎ᠡ ᠬᠦᠳᠡᠭᠡ

2026-09-20 10:22:40

ᠵᠣᠬᠢᠶᠠᠭ᠍ᠴᠢ᠄ ᠣᠩᠱᠢᠭ᠍ᠰᠠᠨ ᠣᠳᠠᠭ᠎ᠠ᠄

ᠠᠪᠠᠭ᠎ᠠ ᠬᠤᠰᠢᠭᠤ 《ᠬᠠᠮᠠᠭᠠᠯᠠᠬᠤ᠎ᠪᠠᠷ ᠭᠤᠤᠯ ᠪᠣᠯᠭᠠᠬᠤ᠂ ᠰᠡᠷᠬᠦᠬᠡᠨ ᠤᠯᠠᠮᠵᠢᠯᠠᠬᠤ ᠵᠢ ᠲᠡᠷᠢᠭᠦᠨ᠎ᠳᠤ ᠲᠠᠯᠪᠢᠬᠤ᠂ ᠵᠦᠶ ᠵᠣᠬᠢᠰᠲᠠᠶ ᠠᠰᠢᠭ᠍ᠯᠠᠬᠤ᠂ ᠰᠢᠨᠡᠴᠢᠯᠡᠨ ᠵᠠᠯᠭᠠᠮᠵᠢᠯᠠᠵᠤ ᠬᠥᠭᠵᠢᠭᠦᠯᠬᠦ》 ᠴᠢᠭᠯᠡᠯᠲᠡ᠎ᠶᠢ ᠪᠠᠷᠢᠮᠲᠠᠯᠠᠵᠤ᠂ ᠠᠷᠪᠠᠨ ᠬᠡᠳᠦᠨ ᠵᠢᠯ᠎ᠤᠨ ᠴᠢᠷᠮᠠᠢᠯᠭ᠎ᠠ ᠪᠡᠷ ᠴᠤᠭᠤᠷ ᠳᠠᠭᠤᠤ ᠵᠢᠨ ᠬᠠᠮᠠᠭᠠᠯᠠᠯᠲᠠ᠎ᠶᠢᠨ ᠠᠵᠢᠯ᠎ᠨᠢ ᠪᠠᠢᠭᠤᠯᠤᠮᠵᠢ ᠲᠣᠭᠲᠠᠴᠠ᠂ ᠤᠯᠠᠮᠵᠢᠯᠠᠨ ᠵᠠᠯᠭᠠᠮᠵᠢᠯᠠᠬᠤ ᠰᠢᠰᠲᠧᠮ᠂ ᠲᠥᠬᠥᠭᠡᠷᠦᠮᠵᠢ᠎ᠶᠢᠨ ᠪᠠᠢᠷᠢᠰᠢᠭᠤᠯᠤᠯᠲᠠ ᠵᠢᠴᠢ ᠳᠦᠷᠦᠯ ᠲᠡᠮᠳᠡᠭ᠎ᠢ ᠡᠭᠦᠳᠬᠦ ᠵᠡᠷᠭᠡ ᠲᠠᠯ᠎ᠠ᠎ᠪᠠᠷ ᠰᠢᠪᠲᠤᠯᠤᠯᠲᠠ᠎ᠶᠢᠨ ᠴᠢᠨᠠᠷᠲᠠᠶ ᠠᠬᠢᠴᠠ ᠲᠠᠢ ᠪᠤᠯᠤᠭᠰᠠᠨ ᠪᠠᠢᠨ᠎ᠠ᠃



ᠠᠪᠠᠭ᠎ᠠ ᠬᠤᠰᠢᠭᠤᠨ᠎ᠤ ᠴᠤᠭᠤᠷ ᠳᠠᠭᠤᠤ ᠵᠢᠨ ᠪᠣᠯᠪᠠᠰᠤᠷᠠᠯ᠎ᠤᠨ ᠰᠠᠭᠤᠷᠢᠨ ᠨᠢ 3500 ᠲᠡᠭᠰᠢ ᠳᠥᠷᠪᠡᠯᠵᠢᠨ ᠮᠸᠲᠷ ᠲᠠᠯᠠᠪᠠᠢ ᠲᠠᠢ ᠪᠠᠢᠵᠤ᠂ ᠤᠷ᠎ᠠ ᠮᠡᠷᠭᠡᠵᠢᠯ᠎ᠤᠨ ᠦᠵᠡᠭᠦᠯᠭᠡ᠂ ᠵᠢᠭᠠᠨ ᠰᠤᠷᠭᠠᠯᠲᠠ᠎ᠶᠢᠨ ᠪᠣᠯᠪᠠᠰᠤᠷᠠᠯ᠂ ᠡᠷᠳᠡᠮ ᠰᠢᠨᠵᠢᠯᠡᠭᠡᠨ᠎ᠤ ᠰᠤᠳᠤᠯᠭᠠᠨ ᠵᠡᠷᠭᠡ ᠣᠯᠠᠨ ᠴᠢᠳᠠᠮᠵᠢᠲᠦ ᠲᠥᠬᠥᠭᠡᠷᠦᠮᠵᠢ᠎ᠨᠦᠭᠦᠳ ᠢᠵᠢ ᠪᠦᠷᠢᠳᠦᠭᠰᠡᠨ ᠪᠠᠢᠨ᠎ᠠ᠃ 2020 ᠣᠨ᠎ᠳᠤ ᠠᠰᠢᠭ᠍ᠯᠠᠯᠲᠠ᠎ᠳᠤ ᠣᠷᠣᠭᠰᠠᠨ ᠡᠨᠡ ᠬᠦ᠌ ᠰᠠᠭᠤᠷᠢᠨ ᠨᠢ ᠨᠡᠶ᠋ᠢᠲᠡ 600 ᠭᠠᠷᠤᠢ ᠲᠦᠮᠡᠨ ᠲᠥᠭᠦᠷᠢᠭ᠎ᠤᠨ ᠪᠡᠯᠡ ᠣᠷᠤᠭᠤᠯᠤᠯᠲᠠ ᠲᠠᠢ ᠪᠡᠷ ᠪᠠᠢᠭᠤᠯᠤᠭᠳᠠᠵᠤ᠂ ᠪᠡᠯᠭᠡ ᠲᠡᠮᠳᠡᠭ᠎ᠤᠨ ᠴᠢᠨᠠᠷᠲᠠᠢ ᠢᠨᠵᠧᠨᠧᠷᠢᠩ ᠪᠣᠯᠪᠠ᠃ ᠡᠭᠦᠨ᠎ᠤ ᠬᠠᠮᠲᠤ᠂ ᠴᠤᠭᠤᠷ ᠳᠠᠭᠤᠤ ᠵᠢᠨ ᠤᠯᠤᠰ᠎ᠤᠨ ᠲᠠᠰ᠎ᠤᠨ ᠤᠯᠠᠮᠵᠢᠯᠠᠭ᠍ᠴᠢ ᠵᠢ᠊·ᠰᠤᠶᠤᠯᠲᠤ ᠎ᠠᠴᠠ 20 ᠲᠦᠮᠡ ᠭᠠᠷᠣᠢ ᠲᠦᠭᠦᠷᠢᠭ᠎ᠦᠨ ᠪᠡᠯᠡ ᠮᠥᠩᠭᠥ ᠭᠠᠷᠭᠠᠵᠦ᠂ ᠲᠦᠷᠦᠭᠰᠡᠨ ᠨᠤᠲᠤᠭ — ᠠᠪᠠᠭ᠎ᠠ ᠬᠤᠰᠢᠭᠤᠨ᠎ᠤ ᠬᠤᠩᠭᠤᠷᠭᠤᠤᠯ ᠪᠠᠯᠭᠠᠰᠤᠨ᠎ᠤ ᠪᠠᠶᠠᠨᠬᠣᠩᠭᠤᠷ ᠭᠠᠴᠠᠭᠠᠨ ᠎ᠳᠦ 300 ᠲᠡᠭᠰᠢ ᠳᠥᠷᠪᠡᠯᠵᠢᠨ ᠮᠧᠲᠷ ᠲᠠᠯᠠᠪᠠᠢ ᠲᠠᠢ 《ᠮᠣᠩᠭᠤᠯ ᠦᠨᠳᠦᠰᠦᠲᠡᠨ᠎ᠦ ᠴᠤᠭᠤᠷ ᠳᠠᠭᠤᠤ᠂ ᠤᠷᠲᠤ᠎ᠶᠢᠨ ᠳᠠᠭᠤᠤ᠎ᠶᠢᠨ ᠪᠣᠯᠪᠠᠰᠤᠷᠠᠯ᠎ᠤᠨ ᠰᠠᠭᠤ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ 内蒙

ᠣᠷᠴᠢᠭᠤᠯᠤᠭ᠍ᠴᠢ᠄

ᠢᠷᠡᠯᠲᠡ᠄
兼容浏览器的HTML页面