2026-11-25 15:45:22
ᠠᠮᠤ ᠪᠤᠳᠠᠭ᠎ᠠ ᠵᠢᠨ ᠦᠢᠯᠡᠤᠨᠪᠤᠷᠢᠯᠡᠯ ᠠᠮᠤᠷ ᠲᠦᠪᠰᠢᠨ ᠪᠠᠢᠪᠠᠯ ᠰᠠᠶᠢ ᠦᠨᠳᠦᠰᠦ ᠰᠠᠭᠤᠷᠢ ᠪᠠᠳᠤ ᠪᠡᠬᠢ ᠪᠤᠯᠵᠤ ᠴᠢᠳᠠᠨ᠎ᠠ᠃ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠬᠠᠩᠭᠠᠯᠭ᠎ᠠ᠎ᠶᠢ ᠪᠠᠲᠤᠯᠠᠬᠤ ᠴᠢᠬᠤᠯᠠ ᠶᠡᠬᠡ ᠬᠠᠷᠢᠭᠤᠴᠠᠯᠭ᠎ᠠ ᠶᠢ ᠡᠭᠦᠷᠭᠡᠯᠡᠵᠦ᠍᠂ ᠮᠠᠯ ᠠᠵᠤ ᠠᠬᠤᠶ ᠲᠠᠷᠢᠶᠠᠯᠠᠩ᠎ᠤᠨ ᠦᠢᠯᠡᠳᠪᠦᠷᠢᠯᠡᠯ ᠦᠨ ᠦᠨᠳᠦᠰᠦ ᠰᠠᠭᠤᠷᠢ ᠶᠢ ᠦᠷᠭᠦᠯᠵᠢᠯᠡᠨ ᠪᠡᠬᠢᠵᠢᠭᠦᠯᠵᠦ᠍᠂ ᠲᠠᠷᠢᠶᠠᠯᠠᠩ᠎ᠤᠨ ᠡᠯᠪᠡᠭ ᠬᠤᠷᠢᠶᠠᠯᠳᠠ ᠮᠠᠯ ᠤᠨ ᠦᠨᠢᠷ ᠦᠰᠦᠯᠳᠡ᠎ᠶᠢ ᠲᠣᠭᠲᠠᠪᠤᠷᠢᠵᠢᠭᠤᠯᠤᠨ ᠣᠷᠣᠯᠭ᠎ᠠ᠎ᠶᠢ ᠨᠡᠮᠡᠭᠳᠡᠭᠦᠯᠵᠤ᠂ ᠠᠵᠤ ᠦᠢᠯᠡᠰ ᠦᠨ ᠬᠡᠯᠬᠢᠶ᠎ᠡ᠎ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠶᠢ ᠠᠬᠢᠭᠤᠯᠪᠠ᠃
ᠦᠩ ᠰᠢᠮᠡᠯᠢᠭ ᠬᠥᠷᠥᠰᠥ ᠵᠢ ᠰᠢᠮᠡᠵᠢᠬᠦᠯᠵᠦ 《ᠠᠮᠤ ᠵᠢᠨ ᠰᠠᠩ》 ᠤ᠋ᠨ ᠦᠨᠳᠦᠰᠦ ᠰᠠᠭᠤᠷᠢ᠎ᠶᠢ ᠪᠡᠬᠢᠵᠢᠭᠦᠯᠪᠠ
ᠥᠪᠥᠷ ᠮᠣᠩᠭᠣᠯ ᠳᠤ᠂ ᠴᠢᠨᠠᠷ ᠰᠠᠶ᠋ᠢᠲᠠᠶ ᠠᠬᠢᠭᠤᠯᠵᠤ ᠪᠠᠢᠭ᠎ᠠ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠨᠢ 《ᠲᠠᠷᠢᠶ᠎ᠠ ᠳᠠᠷᠢᠬᠤ》ᠭᠡᠳᠡᠭ ᠦᠭᠡ᠎ᠶᠢᠨ ᠠᠭᠤᠯᠤᠭᠳᠠᠬᠤᠨ᠎ᠢ ᠳᠠᠬᠢᠨ ᠰᠢᠨ᠎ᠡ᠎ᠪᠡᠷ ᠲᠣᠳᠣᠷᠬᠠᠶ᠋ᠢᠯᠠᠪᠠ᠃
ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠤᠨ 《ᠥᠨᠳᠥᠷ》 ᠨᠢ ᠬᠠᠮᠢᠭ᠎ᠠ ᠪᠠᠢᠬᠤ ᠪᠤᠢ? ᠲᠠᠷᠢᠶᠠᠨ ᠳᠤᠮᠳᠠᠬᠢ ᠵᠢᠵᠢᠭ ᠬᠤᠪᠢᠷᠠᠯᠲᠠ᠎ᠳᠤ ᠨᠢᠭᠤᠭᠳᠠᠵᠤ ᠪᠤᠢ ᠄ ᠲᠠᠷᠢᠶᠠᠨ ᠭᠠᠵᠠᠷ ᠲᠡᠭᠰᠢ᠂ ᠤᠰᠤᠯᠠᠯᠲᠠ ᠨᠠᠩ ᠲᠡᠩᠴᠡᠭᠦᠷᠢᠲᠡᠶ ᠪᠤᠯᠵᠠᠢ; ᠲᠠᠷᠢᠶᠠᠨ ᠭᠠᠵᠠᠷ ᠦᠷᠬᠦᠯᠵᠢᠯᠡᠨ ᠵᠠᠯᠭᠠᠯᠳᠤᠵᠤ᠂ ᠲᠣᠮᠣ ᠬᠡᠯᠪᠡᠷᠢ᠎ᠶᠢᠨ ᠲᠠᠷᠢᠶᠠᠯᠠᠩ᠎ᠤᠨ ᠮᠠᠰᠢᠨ ᠴᠢᠯᠦᠬᠡᠳᠡᠢ ᠠᠵᠢᠯᠯᠠᠵᠤ ᠪᠣᠯᠤᠨ᠎ᠠ; ᠮᠠᠰᠢᠨ ᠬᠤᠳᠳᠤᠭᠲᠤ᠌ ᠴᠠᠬᠢᠯᠭᠠᠨ ᠨᠡᠪᠲᠡᠷᠡᠭᠦᠯᠵᠦ᠍᠂ ᠭᠠᠷ ᠤᠲᠠᠰᠤ ᠪᠡᠷ᠎ᠢᠶᠡᠨ ᠠᠯᠤᠰ ᠡᠴᠡ ᠤᠰᠤᠯᠠᠵᠤ ᠪᠣᠯᠤᠨ᠎ᠠ; ᠡᠰᠢ ᠰᠦᠷᠡᠯ ᠢ ᠲᠤᠬᠠᠢ ᠵᠢᠨ ᠭᠠᠵᠠᠷ᠎ᠲᠤᠨᠢ ᠰᠢᠢᠳᠪᠦᠷᠢᠯᠡᠵᠦ᠂ ᠲᠠᠷᠢᠶᠠᠨ ᠭᠠᠵᠠᠷ᠎ᠤᠨ ᠬᠦᠴᠦ᠍ ᠰᠢᠮ᠎ᠡ᠎ᠶᠢ ᠦᠷᠭᠦᠯᠵᠢᠯᠡᠨ ᠳᠡᠭᠡᠭᠰᠢᠯᠡᠭᠦᠯᠪᠡ ᠁ 《ᠡᠨᠡ ᠵᠢᠯ᠎ᠦᠨ ᠡᠴᠦᠰ ᠪᠤᠯᠬᠤ ᠳ᠋ᠤ᠂ ᠪᠥᠬᠥ᠌ ᠣᠷᠣᠨ᠎ᠤ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠎ᠶᠢᠨ ᠲᠠᠯᠠᠪᠠᠶ 6700 ᠲᠦᠮᠡᠨ ᠮᠣ᠌ᠳᠦ ᠬᠥᠷᠬᠥ᠌ ᠪᠣᠯᠤᠨ᠎ᠠ᠃ ᠭᠠᠩᠳᠠᠵᠤ ᠤᠰᠤᠲᠤᠪᠠᠴᠤ᠌ ᠬᠤᠷᠢᠶᠠᠯᠲᠠ ᠶᠢ ᠪᠠᠲᠤᠯᠠᠬᠤ᠂ ᠲᠣᠭᠲᠠᠭᠤᠨ ᠪᠥᠭᠡᠳ ᠥᠨᠳᠥᠷ ᠤᠨᠠᠯᠲᠠ᠎ᠲᠠᠶ᠂ ᠮᠠᠰᠢᠨ᠎ᠢᠶᠠᠷ ᠲᠠᠷᠢᠶᠠᠯᠠᠬᠤ ᠳᠤ ᠲᠣᠬᠢᠷᠠᠮᠵᠢᠲᠠᠶ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ᠎ᠨᠢ ᠮᠠᠨ᠎ᠤ ᠣᠷᠣᠨ᠎ᠤ ᠠᠮᠤ ᠪᠤᠳᠠᠭᠠᠨ ᠤ ᠦᠢᠯᠡᠳᠪᠦᠷᠢᠯᠡᠯ᠎ᠦᠨ ᠦᠷᠭᠦᠯᠵᠢᠯᠡᠨ ᠲᠣᠭᠲᠠᠭᠤᠨ᠎ᠢᠶᠠᠷ ᠬᠤᠷᠢᠶᠠᠯᠲᠠ᠎ᠪᠠᠨ ᠨᠡᠮᠡᠭᠳᠡᠭᠦᠯᠬᠦ᠌᠎ᠳᠦ ᠪᠠᠲᠤᠯᠠᠭ᠎ᠠ ᠬᠠᠩᠭᠠᠬᠤ ᠪᠣᠯᠤᠨ᠎ᠠ》 ᠭᠡᠵᠦ᠍ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠎ᠶᠢᠨ ᠦᠢᠯᠡᠴᠢᠯᠡᠭᠡᠨ ᠦ ᠲᠥᠪ᠎ᠦᠨ ᠳᠡᠳ᠋ ᠡᠷᠬᠢᠯᠡᠭᠴᠢ ᠫᠠᠨ ᠯᠦᠩ ᠬᠡᠯᠡᠪᠡ᠃
ᠴᠢᠨᠡᠷ ᠰᠠᠢᠳᠠᠢ ᠭᠤᠤᠯ ᠲᠠᠷᠢᠶᠠᠨ ᠭᠠᠵᠠᠷ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠢ ᠪᠦᠳᠦᠬᠡᠨ ᠪᠠᠢᠭᠤᠯᠤᠬᠰᠠᠨ ᠣᠷᠣᠨ᠎ᠤ ᠮᠥ᠍ ᠨᠢᠭᠡᠴᠢ᠎ᠶᠢᠨ ᠤᠨᠠᠯᠲᠠ ᠲᠡᠭᠰᠢᠳᠭᠡᠭᠡᠳ 94 ᠺᠢᠯᠣᠭ᠌ᠷᠠᠮ ᠨᠡᠮᠡᠭᠳᠡᠪᠡ᠃ ᠨᠢᠭᠡᠨᠲᠡ ᠪᠦᠳᠦᠬᠡᠨ ᠪᠠᠢᠭᠤᠯᠤᠬᠰᠠᠨ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠨᠢ ᠪᠠᠷᠤᠭ ᠪᠦᠬᠦ᠌ ᠣᠷᠣᠨ᠎ᠤ ᠲᠠᠷᠢᠶᠠᠨ ᠭᠠᠵᠠᠷ᠎ᠤᠨ ᠭᠤᠷᠪᠠᠨ᠎ᠤ ᠨᠢᠭᠡ ᠬᠤᠪᠢ᠎ᠶᠢ ᠡᠵᠡᠯᠡᠵᠦ᠍᠂ ᠪᠦᠬᠦ᠌ ᠣᠷᠣᠨ ᠤ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ ᠵᠢᠨ ᠭᠤᠷᠪᠠᠨ᠎ᠤ ᠬᠣᠶᠠᠷ ᠬᠤᠪᠢ᠎ᠡᠴᠡ ᠳᠡᠭᠡᠭᠰᠢ ᠳᠤ ᠬᠦᠷᠴᠡᠢ᠃ ᠶᠡᠷᠦᠩᠬᠡᠶ᠋ᠢᠯᠡᠭᠰᠡᠨ ᠦᠷ᠎ᠡ ᠠᠰᠢᠭ᠎ᠡᠴᠡ ᠦᠵᠡᠪᠡᠯ᠂ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ᠎ᠨᠢ 40% ᠵᠢᠨ ᠤᠰᠤ ᠠᠷᠪᠢᠯᠠᠬᠤ᠂ 30% ᠵᠢᠨ ᠴᠠᠬᠢᠯᠭᠠᠨ ᠠᠷᠪᠢᠯᠠᠬᠤ᠂ 25% ᠵᠢᠨ ᠪᠤᠷᠳᠤᠭᠤᠷ ᠠᠷᠪᠢᠯᠠᠬᠤ᠂ 40% ᠵᠢᠨ ᠲᠠᠷᠢᠶᠠᠨ ᠡᠮ᠎ᠢ ᠪᠠᠭᠠᠰᠬᠠᠬᠤ ᠵᠢ ᠪᠡᠶᠡᠯᠡᠭᠦᠯᠵᠦ᠂ ᠲᠠᠷᠢᠶᠠᠨ ᠭᠠᠵᠠᠷ᠎ᠤᠨ ᠠᠮᠤ ᠪᠤᠳᠠᠭᠠᠨ ᠤ ᠦᠢᠯᠡᠳᠪᠦᠷᠢᠯᠡᠯ᠎ᠤᠨ ᠴᠢᠳᠠᠪᠦᠷᠢ᠎ᠶᠢ ᠪᠠᠲᠤᠯᠠᠬᠤ ᠵᠢᠨ ᠠᠰᠢᠭ ᠲᠤᠰᠠ᠎ᠶᠢ ᠦᠷᠭᠦᠯᠵᠢᠯᠡᠨ ᠪᠠᠳᠠᠷᠠᠭᠤᠯᠪᠠ᠃
ᠣᠳᠣᠬᠠᠨ᠎ᠳᠤ᠂ ᠪᠥᠬᠥ ᠣᠷᠣᠨ᠎ᠳᠤ ᠨᠡᠶ᠋ᠢᠲᠡ 6281 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠠᠢᠭᠤᠯᠵᠤ᠂ 1356 ᠲᠦᠮᠡᠨ ᠮᠦ᠍ ᠵᠢᠨ ᠬᠠᠷ᠎ᠠ ᠬᠥᠷᠥᠰᠥ᠎ᠶᠢ ᠬᠠᠮᠠᠭᠠᠯᠠᠬᠤ ᠢᠨᠵᠧᠨᠧᠷᠢᠩ᠎ᠢ ᠬᠡᠷᠡᠭᠵᠢᠭᠦᠯᠵᠦ᠂ 8000 ᠭᠠᠷᠤᠢ ᠲᠦᠮᠡᠨ ᠮᠦ᠍ ᠳ᠋ᠤ ᠬᠠᠮᠠᠭᠠᠯᠠᠯᠲᠠ᠎ᠶᠢᠨ ᠴᠢᠨᠠᠷᠲᠠᠢ ᠲᠠᠷᠢᠶᠠᠯᠠᠬᠤ᠎ᠶᠢ ᠬᠡᠷᠡᠭᠵᠢᠭᠦᠯᠵᠦ᠂ 436 ᠲᠦᠮᠡᠨ ᠮᠦ᠍ ᠬᠤᠵᠢᠷᠯᠢᠭ᠋ ᠲᠠᠷᠢᠶᠠᠨ ᠭᠠᠵᠠᠷ᠎ᠢ ᠥᠭᠡᠷᠡᠴᠢᠯᠡᠨ ᠰᠠᠢᠵᠢᠷᠠᠭᠤᠯᠪᠠ᠃ ᠥᠪᠥᠷ ᠮᠣᠩᠭᠣᠯ ᠤᠨ ᠰᠠᠢ ᠺᠧ ᠰᠢᠩ ᠠᠮᠢᠳᠤ ᠪᠣᠳᠠᠰ ᠦᠷᠡᠵᠢᠭᠦᠯᠦᠨ ᠪᠣᠢᠵᠢᠭᠤᠯᠬᠤ ᠮᠡᠷᠭᠡᠵᠢᠯ ᠤ᠋ᠨ (ᠪᠦᠯᠦᠭᠯᠡᠯ) ᠬᠤᠪᠢᠴᠠᠭᠠᠲᠤ ᠬᠢᠵᠠᠭᠠᠷᠲᠤ ᠺᠣᠮᠫᠠᠨᠢ᠂ ᠬᠥᠯᠥᠨ ᠪᠣᠶ᠋ᠢᠷ᠎ᠤᠨ ᠠᠲᠠᠷ ᠬᠠᠭᠠᠯᠪᠤᠷᠢᠯᠠᠯᠲᠠ᠎ᠶᠢᠨ ᠰᠢᠷᠡᠳᠡᠯᠠ ᠲᠠᠷᠢᠶᠠᠯᠠᠩ ᠮᠠᠯᠵᠢᠯ᠎ᠤᠨ ᠲᠠᠯᠠᠪᠠᠶ᠎ᠶᠢᠨ ᠬᠢᠵᠠᠭᠠᠷᠲᠤ ᠺᠣᠮᠫᠠᠨᠢ ᠤᠯᠤᠰ᠎ᠤᠨ ᠮᠠᠯ ᠵᠢᠭᠦᠷᠲᠡᠨ᠎ᠤ ᠦᠷ᠎ᠡ᠎ᠶᠢᠨ ᠦᠢᠯᠡᠰ᠎ᠦᠨ ᠠᠵᠤ ᠠᠬᠤᠢᠯᠠᠯ᠎ᠤᠨ ᠨᠡᠷᠡᠰ᠎ᠲᠦ ᠰᠣᠩᠭᠣᠭᠳᠠᠨ᠂ ᠪᠥᠬᠥ ᠣᠷᠣᠨ᠎ᠳᠤ ᠨᠡᠶ᠋ᠢᠲᠡ 7 ᠰᠠᠭᠠᠯᠢ᠎ᠶᠢᠨ ᠦᠨᠢᠶᠡᠨ᠎ᠤ ᠭᠣᠣᠯᠳᠠᠯᠭ᠎ᠠ ᠳᠠᠢ ᠡᠭᠦᠯᠳᠡᠷ ᠪᠣᠢᠵᠢᠭᠤᠯᠬᠤ ᠲᠠᠯᠠᠪᠠᠶ᠂ 6 ᠦᠷ᠎ᠠ ᠵᠢᠨ ᠮᠠᠯ᠎ᠤᠨ ᠥᠷᠲᠡᠭᠡ ᠵᠢ ᠠᠮᠵᠢᠯᠳᠠ ᠲᠠᠢ ᠪᠠᠢᠭᠤᠯᠪᠡ᠃
2025 ᠣᠨ᠎ᠳᠤ᠂ ᠥᠪᠥᠷ ᠮᠣᠩᠭᠣᠯ᠎ᠤᠨ ᠠᠮᠤ ᠪᠤᠳᠠᠭᠠᠨ᠎ᠤ ᠤᠨᠠᠯᠲᠠ 840.7 ᠳ᠋ᠦᠩᠰᠢᠭᠤᠷ ᠵᠢᠩ᠎ᠳᠦ ᠬᠦᠷᠴᠦ᠂ ᠪᠥᠬᠥ ᠤᠯᠤᠰ᠎ᠤᠨ ᠲᠠᠪᠤᠳᠤᠭᠠᠷ᠎ᠲᠤ ᠣᠷᠣᠵᠤ᠂ ᠠᠮᠤ ᠪᠤᠳᠠᠭᠠᠨ᠎ᠤ ᠦᠢᠯᠡᠳᠪᠦᠷᠢᠯᠡᠯ《ᠬᠣᠷᠢᠨ ᠬᠣᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠣᠭᠰᠠᠨ》 ᠪᠠᠢᠨ᠎ᠠ; ᠦᠨᠢᠶᠡᠨ ᠰᠦ᠂ ᠬᠣᠨᠢᠨ ᠮᠢᠬ᠎ᠠ᠂ ᠦᠬᠡᠷ᠎ᠦᠨ ᠮᠢᠬ᠎ᠠ᠂ ᠲᠡᠵᠢᠭᠡᠯ ᠡᠪᠡᠰᠦ᠂ ᠢᠮᠠᠭᠠᠨ ᠨᠣᠤᠯᠤᠭᠤᠷ᠂ ᠨᠡᠷᠡᠨ ᠬᠤᠸᠠᠷ᠎ᠤᠨ ᠦᠷ᠎ᠡ᠎ᠶᠢᠨ ᠭᠠᠷᠤᠯᠲᠠ ᠪᠥᠬᠥ ᠤᠯᠤᠰ᠎ᠲᠤ ᠲᠦᠷᠦᠭᠦᠯᠡᠪᠡ᠃
ᠪᠦᠬᠦ ᠤᠯᠤᠰ᠎ᠤᠨ 13 ᠠᠮᠤ ᠪᠤᠳᠠᠭᠠᠨ ᠤ ᠭᠣᠣᠯ ᠭᠠᠷᠤᠯᠲᠠ᠎ᠶᠢᠨ ᠣᠷᠣᠨ᠎ᠤ ᠨᠢᠭᠡ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠤᠯᠤᠰ ᠲᠦᠷᠦ ᠶᠢᠨ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠵᠦ᠂ ᠭᠠᠷᠤᠯᠲᠠ ᠦᠢᠯᠡᠳᠪᠦᠷᠢᠯᠡᠯ ᠦᠨ ᠴᠢᠳᠠᠪᠤᠷᠢ᠂ ᠦᠢᠯᠡᠳᠪᠦᠷᠢᠯᠡᠯ ᠠᠮᠢ ᠠᠬᠤᠢ᠂ ᠤᠨᠠᠯᠳᠠ᠎ᠪᠠᠨ ᠨᠡᠮᠡᠭᠳᠡᠭᠦᠯᠵᠦ ᠣᠷᠣᠯᠭ᠎ᠠ᠎ᠪᠠᠨ ᠨᠡᠮᠡᠭᠳᠡᠭᠦᠯᠬᠦ᠎ᠶᠢ ᠵᠡᠷᠭᠡ᠎ᠪᠡᠷ ᠠᠳᠬᠤᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠮᠠᠯ ᠠᠵᠤ ᠠᠬᠤᠢ ᠲᠠᠷᠢᠶᠠᠯᠠᠩ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ᠂ ᠶᠠᠰᠤ ᠴᠢᠨᠠᠷ᠎ᠤᠨ ᠲᠠᠷᠢᠶᠠᠯᠠᠩ ᠮᠠᠯ ᠠᠵᠤ ᠠᠬᠤᠢ ᠪᠣᠯᠣᠨ ᠲᠦᠷᠦᠯ ᠲᠡᠮᠳᠡᠭᠲᠦ ᠲᠠᠷᠢᠶᠠᠯᠠᠩ ᠮᠠᠯ ᠠᠵᠤ ᠠᠬᠤᠢ ᠵᠢᠨ ᠬᠠᠮᠵᠢᠯᠴᠠᠨ ᠬᠥᠭᠵᠢᠬᠦ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠨᠠᠯᠳᠠ᠎ᠶᠢ ᠲᠣᠭᠲᠠᠪᠤᠷᠢᠵᠢᠭᠤᠯᠤᠨ ᠣᠷᠣᠯᠭ᠎ᠠ᠎ᠶᠢ ᠨᠡᠮᠡᠭᠳᠡᠭᠦᠯᠬᠦ ᠰᠠᠭᠤᠷᠢ᠎ᠶᠢ ᠦᠷᠭᠦᠯᠵᠢᠯᠡᠨ ᠪᠡᠬᠢᠵᠢᠭᠦᠯᠪᠡ᠃
ᠬᠡᠯᠬᠢᠶ᠎ᠠ ᠵᠢ ᠤᠷᠲᠤᠳᠬᠠᠨ ᠦᠷᠳᠡᠭ ᠢ ᠲᠡᠭᠡᠭᠰᠢᠯᠡᠬᠦᠯᠵᠤ ᠠᠵᠤ ᠦᠢᠯᠡᠰ᠎ᠦᠨ ᠠᠰᠢᠭ᠋ ᠤᠷᠤᠯᠭ᠎ᠠ ᠵᠢ ᠨᠡᠮᠡᠭᠳᠡᠬᠦᠯᠪᠡ
ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ᠎ᠶᠢᠨ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠭᠰᠠᠨ ᠠᠶᠠᠨ᠎ᠳᠤ᠂ 《ᠪᠠᠢᠭᠠᠯᠢᠯᠢᠭ ᠠᠩᠬᠠᠨ᠎ᠤ ᠪᠦᠳᠦᠬᠡᠭᠳᠡᠬᠦᠨ ᠨᠠᠷᠡᠮᠵᠢᠳᠤ》 ᠠᠵᠤ ᠦᠢᠯᠡᠰ᠎ᠢ᠋ ᠭᠦᠨᠵᠡᠭᠡᠢ ᠨᠡᠭᠡᠭᠡᠨ ᠬᠥᠭᠵᠢᠭᠦᠯᠬᠦ ᠨᠢ ᠢᠯᠡ ᠲᠣᠳᠣ᠌ ᠤᠨᠴᠠᠯᠢᠭ ᠪᠤᠯᠵᠤ ᠪᠤᠢ᠃
ᠲᠦᠩᠯᠢᠶᠣᠣ ᠬᠣᠲᠠ᠎ᠳᠤ᠂ ᠨᠢᠭᠡ ᠮᠥᠬᠥᠯᠢᠭ ᠡᠷᠳᠡᠨᠢ ᠰᠢᠰᠢ᠎ᠶᠢ ᠳᠡᠪᠲᠦᠭᠡᠬᠦ᠂ ᠢᠯᠭᠠᠬᠤ᠂ ᠢᠰᠬᠡᠬᠦ ᠵᠡᠷᠭᠡ ᠠᠷᠪᠠᠨ ᠬᠡᠳᠦᠨ ᠠᠵᠢᠯ᠎ᠤᠨ ᠠᠯᠬᠤᠮ ᠳᠠᠷᠠᠭᠠᠯᠠᠯ᠎ᠢ ᠲᠠᠮᠵᠢᠭᠠᠳ ᠰᠢᠪᠲᠦᠷᠲᠦ ᠬᠦᠴᠢᠯ᠂ ᠴᠠᠷᠳᠠᠭᠤᠯ᠂ ᠦᠷ᠎ᠠ ᠨᠡᠬᠢᠶᠡᠨᠤ ᠳᠤᠰᠤ ᠴᠢᠨᠠᠭᠰᠢᠯᠠᠪᠠᠯ ᠡᠮ ᠡᠮᠨᠡᠯᠭᠡ᠎ᠶᠢᠨ ᠲᠤᠰᠠᠯᠠᠬᠤ ᠮᠠᠲᠧᠷᠢᠶᠠᠯ᠂ ᠳᠠᠭᠠᠯᠲᠠ ᠪᠦᠲᠦᠭᠡᠭᠳᠡᠬᠦᠨ ᠪᠣᠯᠵᠤ ᠬᠤᠪᠢᠷᠠᠭᠠᠳ ᠳᠠᠬᠢᠨ ᠲᠡᠵᠢᠭᠡᠯ ᠪᠣᠷᠳᠣᠭ᠎ᠠ᠂ ᠪᠣᠷᠳᠣᠭᠤᠷ ᠪᠤᠯᠳᠠᠭ᠃ ᠡᠷᠳᠡᠨᠢ ᠰᠢᠰᠢ᠎ᠶᠢ ᠤᠯᠠᠨ ᠶᠠᠨᠭᠵᠦ ᠪᠡᠷ ᠠᠰᠢᠭᠯᠠᠬᠤ ᠵᠢ ᠪᠡᠶᠡᠯᠡᠭᠦᠯᠵᠦ᠂ ᠪᠣᠯᠪᠠᠰᠤᠷᠠᠭᠤᠯᠬᠤ ᠬᠡᠯᠬᠢᠶ᠎ᠡ᠎ᠶᠢ ᠶᠠᠪᠤᠬᠤ ᠲᠤᠲᠤᠮ ᠤᠷᠲᠤᠳᠬᠠᠪᠠ᠃
ᠪᠠᠶᠠᠠᠨᠠᠭᠤᠷ ᠬᠣᠲᠠ᠎ᠳᠤ᠂ ᠨᠢᠭᠡ ᠬᠣᠨᠢ ᠵᠠᠭᠤ ᠭᠠᠷᠤᠢ ᠵᠦᠢᠯ᠎ᠦᠨ ᠪᠦᠲᠦᠭᠡᠭᠳᠡᠬᠦᠨ ᠪᠤᠯᠵᠤ ᠠᠰᠢᠭᠯᠠᠭᠳᠠᠵᠤ ᠪᠤᠢ᠃ ᠬᠠᠪᠢᠷᠭ᠎ᠠ᠂ ᠬᠠᠯᠠᠭᠤᠨ ᠲᠣᠭᠣᠭᠠᠨ᠎ᠳᠤ ᠬᠡᠷᠡᠭᠯᠡᠬᠦ ᠮᠢᠬ᠎ᠠ᠎ᠡᠴᠡ ᠰᠢᠷᠡᠮᠡᠯ ᠮᠢᠬ᠎ᠠ᠂ ᠤᠷᠢᠳᠴᠢᠯᠠᠨ ᠪᠤᠯᠭᠤᠭᠠᠭᠰᠠᠨ ᠬᠡᠳᠡᠰᠦ ᠳᠤᠳᠤᠷ ᠬᠦᠷᠲᠡᠯ᠎ᠡ᠂ ᠠᠳᠠᠯᠢ ᠪᠤᠰᠤ ᠬᠡᠷᠡᠭᠯᠡᠭᠡᠨ᠎ᠳᠤ ᠬᠡᠷᠡᠭᠯᠡᠭᠳᠡᠵᠦ ᠪᠤᠢ᠃ ᠳᠠᠭᠠᠯᠲᠠ ᠪᠦᠲᠦᠭᠡᠭᠳᠡᠬᠦᠨ᠎ᠢᠶᠡᠷ᠎ᠨᠢ ᠪᠠᠰᠠ ᠲᠣᠰᠣ᠌ ᠪᠣᠯᠪᠠᠰᠤᠷᠠᠭᠤᠯᠵᠤ ᠪᠣᠯᠣᠨ᠎ᠠ᠂ ᠭᠣᠶᠣᠯᠠᠯ᠎ᠤᠨ ᠡᠳ᠋ ᠵᠡᠷᠭᠡ ᠠᠵᠢᠯ ᠲᠥᠷᠥᠯ᠎ᠳᠦ ᠬᠡᠷᠡᠭᠯᠡᠵᠦ ᠪᠣᠯᠣᠨ᠎ᠠ᠃
ᠤᠯᠠᠭᠠᠨᠴᠠᠪ ᠬᠤᠳᠠ᠎ᠳᠤ᠂ ᠨᠢᠭᠡ ᠲᠥᠮᠥᠰᠥ᠎ᠪᠡᠷ ᠴᠠᠷᠳᠠᠭᠤᠯ᠂ ᠪᠦᠬᠦᠯᠢ ᠲᠠᠯᠬ᠎ᠠ᠂ ᠲᠥᠮᠥᠰᠥ᠎ᠶᠢᠨ ᠵᠦᠰᠦᠮ ᠬᠢᠵᠦ᠂ ᠦᠨ᠎ᠡ ᠦᠷᠳᠡᠭ ᠨᠢ ᠬᠡᠳᠦᠨ ᠲᠠᠭᠢᠨ ᠨᠡᠮᠡᠭᠳᠡᠵᠡᠢ᠃ ᠠᠵᠤ ᠦᠢᠯᠡᠰ᠎ᠦᠨ ᠬᠡᠯᠬᠢᠶ᠎ᠡ᠎ᠶᠢ ᠤᠷᠤᠭ᠍ᠰᠢ ᠤᠷᠲᠤᠳᠬᠠᠬᠤ ᠪᠦᠷᠢ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮᠴᠦ ᠨᠢᠭᠡ ᠳᠠᠪᠬᠤᠷᠭ᠎ᠠ ᠥᠷᠭᠡᠵᠢᠵᠤ᠂ ᠮᠠᠯᠴᠢᠨ ᠲᠠᠷᠢᠶᠠᠴᠢᠨ ᠴᠤ᠌ ᠨᠠᠷᠢᠯᠢᠭ᠋ ᠪᠤᠯᠪᠠᠰᠤᠷᠠᠭᠤᠯᠬᠤ ᠡᠴᠡ ᠪᠣᠯᠤᠭᠰᠠᠨ ᠨᠡᠩ ᠤᠯᠠᠨ ᠠᠰᠢᠭ᠋ ᠣᠯᠵᠠᠪᠤᠷᠢ᠎ᠶᠢ ᠤᠯᠵᠤ ᠴᠢᠳᠠᠬᠤ ᠪᠤᠯᠤᠨ᠎ᠠ᠃
ᠥᠪᠥᠷ ᠮᠣᠩᠭᠣᠯ ᠰᠦ᠎ᠶᠢᠨ ᠦᠢᠯᠡᠰ᠂ ᠡᠷᠳᠡᠨᠢ ᠰᠢᠰᠢ᠂ ᠮᠢᠬᠠᠨ ᠬᠣᠨᠢ ᠵᠢᠨ ᠮᠢᠩᠭᠠᠨ ᠳ᠋ᠦᠩᠰᠢᠭᠤᠷ᠎ᠤᠨ ᠲᠠᠰ᠎ᠢ ᠲᠠᠪᠠᠬᠰᠠᠨ 3 ᠠᠵᠤ ᠦᠢᠯᠡᠰ᠂ ᠮᠢᠬᠠᠨ ᠦᠬᠡᠷ᠂ ᠲᠡᠵᠢᠭᠡᠯ ᠡᠪᠡᠰᠦ ᠪᠤᠷᠳᠤᠭ᠎ᠠ ᠵᠢᠨ ᠲᠠᠪᠤᠨ ᠵᠠᠭᠤᠨ ᠳ᠋ᠦᠩᠰᠢᠭᠤᠷ᠎ᠤᠨ ᠲᠠᠰ᠎ᠢ ᠲᠠᠪᠠᠬᠰᠠᠨ 2 ᠠᠵᠤ ᠦᠢᠯᠡᠰ᠂ ᠲᠥᠮᠥᠰᠥ᠂ ᠢᠮᠠᠭᠠᠨ ᠨᠣᠯᠦᠭᠤᠤᠷ ᠵᠡᠷᠭᠡ ᠵᠢᠨ ᠵᠠᠭᠤᠨ ᠳ᠋ᠦᠩᠰᠢᠭᠤᠷ᠎ᠤᠨ ᠲᠠᠰ᠎ᠤᠨ 9 ᠠᠵᠤ ᠦᠢᠯᠡᠰ᠎ᠢ ᠡᠬᠦᠳᠦᠨ ᠪᠠᠢᠭᠤᠯᠵᠤ᠂ ᠲᠠᠷᠢᠶᠠᠯᠠᠩ ᠮᠠᠯ ᠠᠵᠤ ᠠᠬᠤᠢ᠎ᠶᠢᠨ 7 ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠯᠬᠢᠶᠡᠨ᠎ᠦ ᠦᠢᠯᠡᠳᠬᠦᠨ᠎ᠦ ᠥᠷᠲᠡᠭ 8000 ᠳ᠋ᠦᠩᠰᠢᠭᠤᠷ ᠲᠥᠭᠥᠷᠢᠭ᠎ᠲᠦ ᠭᠦᠷᠪᠡ᠃
ᠬᠡᠯᠬᠢᠶ᠎ᠡ ᠬᠡᠯᠪᠡᠷᠢᠵᠢᠵᠦ᠂ ᠠᠵᠤ ᠦᠢᠯᠡᠰ᠎ᠤᠨ ᠬᠦᠭᠵᠢᠯᠳᠠ ᠬᠡᠪᠴᠢᠶᠠᠵᠢᠪᠠ᠃ ᠥᠪᠥᠷ ᠮᠣᠩᠭᠣᠯ ᠤᠯᠤᠰ᠎ᠤᠨ ᠠᠵᠤ ᠦᠢᠯᠡᠰ᠎ᠦᠨ ᠪᠦᠯᠦᠭᠵᠢᠯ᠎ᠢ 12᠂ ᠠᠵᠤ ᠦᠢᠯᠡᠰ᠎ᠦᠨ ᠬᠦᠷᠢᠶᠡᠯᠡᠩ᠎ᠢ 15᠂ ᠠᠵᠤ ᠦᠢᠯᠡᠰ᠎ᠦᠨ ᠬᠦᠴᠦᠷᠬᠡᠭ ᠪᠠᠯᠭᠠᠰᠤ 76 ᠶ᠋ᠢ ᠪᠦᠲᠦᠭᠡᠨ ᠪᠠᠢᠭᠤᠯᠵᠤ᠂ ᠴᠥᠮ ᠪᠦᠭᠦ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠦᠢᠯᠡᠰ ᠬᠢᠭᠡᠳ ᠲᠠᠷᠢᠶᠠᠯᠠᠩ ᠮᠠᠯ ᠠᠵᠤ ᠠᠬᠤᠢ᠎ᠶᠢᠨ ᠦᠢᠯᠡᠳᠬᠦᠨ ᠦ ᠶᠡᠷᠦᠩᠬᠡᠢ ᠥᠷᠲᠡᠭ᠎ᠦᠨ ᠬᠠᠷᠢᠴᠠᠯ 2021 ᠣᠨ᠎ᠤ 1.5᠄ 1 ᠪᠠᠢᠭᠰᠠᠨ ᠠ᠋ᠴᠠ᠎ᠪᠠᠨ 1.8᠄ 1 ᠪᠣᠯᠵᠤ ᠳᠡᠭᠡᠭᠰᠢᠯᠡᠪᠡ᠃ ᠣᠳᠣᠬᠠᠨ᠎ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠠᠭᠠᠭᠤᠯᠤᠬᠴᠢ ᠠᠵᠤ ᠠᠬᠤᠢᠯᠠᠯ᠎ᠢ 801 ᠪᠣᠢᠵᠢᠭᠤᠯᠪᠠ᠃ ᠪᠦᠭᠦ ᠣᠷᠣᠨ᠎ᠤ ᠪᠣᠷᠣᠯᠠᠭᠤᠯᠭ᠎ᠠ ᠵᠢᠨ ᠣᠷᠣᠯᠭ᠎ᠠ ᠨᠢ 2000 ᠲᠦᠮᠡᠨ ᠲᠥᠭᠥᠷᠢᠭ ᠡᠴᠡ ᠳᠡᠭᠡᠭᠰᠢᠬᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠠᠵᠤ ᠠᠬᠤᠢᠯᠠᠯ 1093 ᠪᠣᠯᠵᠤ᠂ ᠦᠢᠯᠡᠳᠬᠦᠨ᠎ᠦ ᠥᠷᠲᠡᠭ ᠨᠢ 4700 ᠳ᠋ᠦᠩᠰᠢᠭᠤᠷ ᠲᠥᠭᠥᠷᠢᠭ᠎ᠲᠦ ᠭᠦᠷᠴᠠᠢ᠃ 《ᠲᠦᠭᠦᠬᠡᠢ ᠠᠮᠤ ᠬᠤᠳᠠᠯᠳᠤᠵᠤ ᠪᠠᠢᠬᠰᠠᠨ》 ᠡᠴᠡ《ᠪᠦᠲᠦᠭᠡᠭᠳᠡᠬᠦᠨ᠎ᠢᠶᠡᠨ ᠬᠤᠳᠠᠯᠳᠤᠬᠤ ᠪᠤᠯᠤᠬᠰᠠᠨ》ᠭᠦᠷᠲᠡᠯ᠎ᠡ᠂ 《ᠲᠦᠭᠦᠬᠡᠢ ᠮᠠᠲᠧᠷᠢᠶᠠᠯ᠎ᠢ ᠭᠠᠳᠠᠬᠰᠢ ᠭᠠᠷᠭᠠᠬᠤ》 ᠡᠴᠡ 《ᠲᠦᠷᠦᠯ ᠲᠡᠮᠳᠡᠭ ᠢ ᠭᠠᠳᠠᠬᠰᠢ ᠭᠠᠷᠭᠠᠬᠤ ᠪᠤᠯᠤᠬᠰᠠᠨ》 ᠭᠦᠷᠲᠡᠯ᠎ᠡ᠂ ᠲᠠᠰᠤᠷᠠᠯᠳᠡ ᠦᠭᠡᠢ ᠦᠷᠭᠦᠯᠵᠢᠯᠡᠵᠦ ᠪᠠᠢᠭ᠎ᠠ ᠠᠵᠤ ᠦᠢᠯᠡᠰ᠎ᠦᠨ ᠬᠡᠯᠬᠢᠶ᠎ᠡ ᠨᠢ ᠬᠦᠳᠡᠬᠡ ᠲᠠᠯ᠎ᠠ᠎ᠶᠢᠨ ᠮᠠᠯᠵᠢᠯ ᠤᠨ ᠲᠠᠯᠠᠪᠠᠢ᠎ᠶᠢᠨ ᠨᠢᠭᠤᠭᠳᠠᠮᠠᠯ ᠦᠷᠳᠡᠭ ᠢ ᠰᠡᠷᠭᠦᠭᠡᠵᠦ᠂ ᠨᠡᠮᠡᠭᠳᠡᠯ ᠦᠷᠳᠡᠭ ᠦᠨ ᠠᠰᠢᠭ᠋ ᠣᠯᠵᠠᠪᠤᠷᠢ᠎ᠪᠠᠷ ᠨᠡᠩ ᠤᠯᠠᠨ ᠮᠠᠯᠴᠢᠨ ᠲᠠᠷᠢᠶᠠᠴᠢᠨ ᠳᠤ ᠠᠰᠢᠭ᠋ ᠬᠦᠷᠲᠡᠭᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠤᠷᠳᠤ ᠤᠳᠠᠭᠠᠨ ᠬᠦᠴᠦᠷᠬᠡᠭ ᠶᠡᠬᠡ ᠬᠥᠳᠡᠯᠭᠡᠬᠦ ᠬᠦᠴᠦᠨ ᠢ ᠬᠤᠷᠠᠮᠳᠤᠭᠤᠯᠵᠤ ᠥᠭᠴᠡᠢ᠃
ᠲᠦᠷᠦᠯ ᠲᠡᠮᠳᠡᠭ᠎ᠢ ᠠᠯᠳᠠᠷᠰᠢᠭᠤᠯᠵᠤ ᠥᠷᠭᠡᠨ ᠠᠭᠤᠳᠠᠮ ᠵᠠᠬ᠎ᠠ ᠳᠡᠯᠭᠡᠭᠦᠷ ᠲᠠᠢ ᠬᠤᠯᠪᠤᠯᠳᠤᠨ ᠨᠡᠪᠳᠡᠷᠡᠯᠴᠠᠪᠠ
ᠰᠠᠢᠨ ᠲᠠᠷᠢᠶᠠᠨ ᠭᠠᠵᠠᠷ᠂ ᠲᠠᠯ᠎ᠠ ᠨᠤᠲᠤᠭ᠂ ᠭᠣᠣᠯ ᠮᠥᠷᠡᠨ ᠨᠠᠭᠤᠷ ᠴᠥᠭᠦᠷᠥᠮ᠂ ᠤᠢ ᠰᠢᠭᠤᠢ᠎ᠳᠤ ᠨᠢᠭᠤᠭᠳᠠᠵᠤ ᠪᠠᠢᠭ᠎ᠠ ᠡᠬᠢ ᠪᠠᠶᠠᠯᠢᠭ᠋ ᠨᠢ ᠨᠡᠩ ᠶᠡᠬᠡ ᠲᠠᠪᠴᠠᠩ᠎ᠢᠶᠠᠷ ᠲᠠᠮᠵᠢᠨ ᠪᠦᠭᠦ ᠤᠯᠤᠰ᠎ᠲᠤ ᠴᠡᠷᠢᠭᠯᠡᠵᠤ᠂ ᠳᠡᠯᠡᠬᠡᠢ᠎ᠶᠢ ᠬᠣᠯᠪᠣᠬᠤ ᠴᠢᠬᠤᠯᠠᠲᠠᠢ ᠶᠤᠮ᠃
11 ᠰᠠᠷ᠎ᠠ᠎ᠶᠢᠨ 10᠎ᠤ᠋ ᠡᠳᠦᠷ᠂ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ᠎ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ᠎ᠶᠢᠨ ᠦᠵᠡᠰᠭᠦᠯᠡᠩ ᠦᠨ ᠴᠤᠭᠯᠠᠭᠠᠨ ᠦᠨᠳᠦᠷᠯᠡᠪᠡ᠃ ᠦᠵᠡᠰᠭᠦᠯᠡᠩ᠎ᠦᠨ ᠴᠤᠭᠯᠠᠭᠠᠨ᠎ᠳᠤ ᠣᠷᠤᠯᠴᠠᠬᠰᠠᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠣᠷᠳᠣᠨ ᠮᠠᠰᠢ ᠤᠯᠠᠨ ᠬᠥᠮᠥᠰ᠎ᠦᠨ ᠠᠩᠬᠠᠷᠤᠯ᠎ᠢ ᠲᠠᠳᠠᠵᠤ᠂ ᠮᠠᠰᠢ ᠤᠯᠠᠨ ᠬᠤᠳᠠᠯᠳᠤᠨ ᠠᠪᠬᠤ ᠠᠵᠤ ᠠᠬᠤᠢᠯᠠᠯ ᠂ ᠡᠵᠡᠩᠨᠡᠨ ᠪᠣᠷᠣᠯᠠᠭᠤᠯᠬᠤ ᠠᠵᠤ ᠠᠬᠤᠢᠯᠠᠯ᠂ ᠠᠵᠢᠯ ᠲᠦᠷᠦᠯ᠎ᠦᠨ ᠪᠠᠢᠭᠤᠯᠤᠮᠵᠢ ᠬᠦᠷᠦᠯᠴᠡᠨ ᠢᠷᠡᠵᠦ ᠵᠣᠯᠭᠠᠭᠤᠯᠤᠨ ᠵᠥᠪᠳᠡᠯᠴᠡᠵᠦ᠂ ᠨᠢᠭᠡ ᠪᠦᠯᠦᠭ ᠦᠢᠯᠡᠳᠪᠦᠷᠢᠯᠡᠯ ᠪᠣᠷᠤᠯᠠᠭᠤᠯᠭ᠎ᠠ᠎ᠶᠢᠨ ᠵᠠᠬᠢᠶᠠᠯᠠᠭ᠎ᠠ᠂ ᠪᠡᠯᠡ ᠣᠷᠣᠭᠤᠯᠤᠯᠲᠠ᠎ᠶᠢᠨ ᠬᠠᠮᠲᠤᠷᠠᠯᠴᠠᠭᠠᠨ᠎ᠤ ᠰᠠᠨᠠᠮᠵᠢ᠎ᠶᠢ ᠤᠷᠤᠭᠰᠢᠲᠠᠢ ᠲᠣᠬᠢᠷᠠᠯᠴᠠᠵᠤ᠂ ᠬᠠᠮᠲᠤᠷᠠᠯᠴᠠᠭᠠᠨ᠎ᠤ ᠰᠠᠨᠠᠮᠵᠢ ᠲᠤᠬᠢᠷᠠᠯᠴᠠᠬᠰᠠᠨ ᠵᠣᠭᠣᠰ᠎ᠤᠨ ᠲᠣᠭ᠎ᠠ ᠮᠢᠩᠭᠠᠨ ᠲᠦᠮᠡᠨ ᠲᠥᠭᠥᠷᠢᠭ᠎ᠲᠦ ᠬᠦᠷᠴᠡᠢ᠃
11 ᠰᠠᠷ᠎ᠠ᠎ᠶᠢᠨ 13᠎ᠤ᠋ ᠡᠳᠦᠷ᠂ ᠥᠪᠥᠷ ᠮᠣᠩᠭᠣᠯ᠎ᠤᠨ ᠦᠵᠡᠰᠬᠦᠯᠡᠩ ᠳ᠋ᠤ ᠤᠷᠤᠯᠴᠠᠬᠰᠠᠨ 120 ᠭᠠᠷᠤᠢ ᠮᠠᠯ ᠠᠵᠤ ᠠᠬᠤᠢ ᠲᠠᠷᠢᠶᠠᠯᠠᠩ᠎ᠤᠨ ᠠᠵᠤ ᠠᠬᠤᠢᠯᠠᠯ᠂ 800 ᠭᠠᠷᠤᠢ ᠵᠦᠢᠯ᠎ᠦᠨ ᠪᠣᠬᠢᠷᠲᠤᠯ ᠦᠭᠡᠢ ᠴᠢᠨᠠᠷ ᠰᠠᠢᠲᠠᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠵᠢᠡᠨ ᠠᠪᠴᠤ ᠬᠣᠷᠢᠨ ᠭᠤᠷᠪᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠦ ᠠᠷᠠᠯᠵᠢᠶᠠᠨ᠎ᠤ ᠴᠤᠭᠯᠠᠭᠠᠨ᠎ᠳᠤ ᠣᠷᠣᠯᠴᠠᠵᠤ᠂ ᠤᠯᠤᠰ᠎ᠤᠨ ᠲᠠᠰ᠎ᠤᠨ ᠲᠠᠪᠴᠠᠩ᠎ᠢᠶᠠᠷ ᠲᠦᠷᠦᠯ ᠲᠡᠮᠳᠡᠭ᠎ᠢᠶᠡᠨ ᠳᠡᠯᠭᠡᠨ ᠦᠵᠡᠭᠦᠯᠵᠦ᠂ ᠵᠠᠬ᠎ᠠ ᠳᠡᠯᠭᠡᠭᠦᠷ ᠢ ᠨᠡᠭᠡᠭᠡᠪᠡ᠃ ᠲᠠᠷᠢᠶᠠᠯᠠᠩ᠎ᠤᠨ ᠪᠦᠳᠦᠭᠡᠭᠳᠡᠬᠦᠨ᠎ᠤ ᠠᠷᠠᠯᠵᠢᠶᠠᠨ᠎ᠤ ᠴᠤᠭᠯᠠᠭᠠᠨ ᠤ ᠬᠤᠭᠤᠴᠠᠭᠠᠨ ᠳᠤ᠂ ᠥᠪᠥᠷ ᠮᠣᠩᠭᠣᠯ᠎ᠤᠨ ᠦᠵᠡᠰᠬᠦᠯᠡᠩ᠎ᠤᠨ ᠪᠦᠯᠬᠦᠮ᠎ᠦᠨ ᠲᠤᠬᠠᠢ᠎ᠶᠢᠨ ᠲᠠᠯᠠᠪᠠᠢ᠎ᠶᠢᠨ ᠪᠣᠷᠤᠯᠠᠭᠤᠯᠭ᠎ᠠ᠎ᠶᠢᠨ ᠬᠡᠮᠵᠢᠶ᠎ᠡ 150 ᠭᠠᠷᠤᠢ ᠲᠦᠮᠡᠨ ᠲᠥᠭᠥᠷᠢᠭ᠎ᠲᠦ ᠬᠦᠷᠴᠦ᠂ 300 ᠰᠢᠬᠠᠮ ᠲᠦᠮᠡᠨ ᠲᠥᠭᠥᠷᠢᠭ᠎ᠦᠨ ᠰᠠᠨᠠᠮᠵᠢ ᠵᠢᠨ ᠵᠠᠬᠢᠶᠠᠯᠠᠭ᠎ᠠ ᠲᠤᠬᠢᠷᠠᠯᠴᠠᠵᠠᠢ᠃
ᠡᠯᠪᠡᠭ ᠳᠡᠯᠪᠡᠭ ᠡᠬᠢ ᠪᠠᠶᠠᠯᠢᠭ᠋᠎ᠲᠠᠢ ᠥᠪᠥᠷ ᠮᠣᠩᠭᠣᠯ ᠬᠡᠷᠬᠢᠨ ᠭᠠᠵᠠᠷ ᠣᠷᠣᠨ᠎ᠤ ᠵᠠᠭᠠᠭ᠎ᠡᠴᠡ ᠦᠰᠦᠷᠦᠨ ᠭᠠᠷᠴᠤ ᠪᠦᠬᠦ ᠤᠯᠤᠰ ᠴᠢᠨᠠᠭᠰᠢᠯᠠᠭᠠᠳ ᠳᠡᠯᠡᠬᠡᠢ᠎ᠶᠢᠨ ᠵᠠᠬ᠎ᠠ ᠳᠡᠯᠭᠡᠭᠦᠷ᠎ᠢ ᠨᠡᠬᠡᠬᠡᠬᠦ ᠪᠤᠢ? ᠬᠠᠷᠢᠭᠤᠯᠲᠠ ᠨᠢ ᠲᠥᠷᠥᠯ ᠲᠡᠮᠳᠡᠭ᠎ᠢ ᠡᠭᠦᠳᠬᠦ ᠪᠠ ᠵᠠᠬ᠎ᠠ ᠳᠡᠯᠭᠡᠭᠦᠷ᠎ᠦᠨ ᠨᠡᠭᠡᠭᠡᠯᠲᠡ ᠵᠢᠨ ᠲᠤᠮᠳᠠ ᠨᠢᠭᠤᠬᠳᠠᠵᠤ ᠪᠣᠶ᠄ ᠥᠪᠥᠷ ᠮᠣᠩᠭᠣᠯ ᠲᠦᠷᠦᠯ ᠲᠡᠮᠳᠡᠭ᠎ᠤᠨ ᠰᠢᠰᠲᠧᠮ᠎ᠢ ᠦᠷᠭᠦᠯᠵᠢᠯᠡᠨ ᠬᠦᠴᠦᠷᠬᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ 6᠂ ᠠᠢᠮᠠᠭ ᠬᠣᠲᠠ᠎ᠶᠢᠨ ᠲᠠᠰ᠎ᠤᠨ 12᠂ ᠬᠣᠰᠢᠭᠤ ᠰᠢᠶᠠᠨ᠎ᠤ ᠳᠡᠰ ᠤᠨ 22 ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠲᠥᠷᠥᠯ ᠲᠡᠮᠳᠡᠭ ᠪᠠ 30 ᠳᠠᠭᠠᠭᠤᠯᠤᠭ᠍ᠴᠢ ᠠᠵᠤ ᠠᠬᠤᠢᠯᠠᠯ᠎ᠤᠨ ᠲᠥᠷᠥᠯ ᠲᠡᠮᠳᠡᠭ ᠵᠢᠡᠷ ᠭᠣᠣᠯ ᠴᠣᠭᠴᠠ ᠪᠣᠯᠭᠠᠭᠰᠠᠨ ᠲᠥᠷᠥᠯ ᠲᠡᠮᠳᠡᠭ᠎ᠤᠨ ᠵᠢᠭ᠍ᠰᠠᠭᠠᠯ᠎ᠢ ᠪᠠᠢᠭᠤᠯᠪᠠ᠃
ᠰᠠᠢ᠍ᠢᠨ ᠪᠦᠲᠦᠭᠡᠭᠳᠡᠭᠦᠨ ᠨᠢ ᠤᠷᠢᠳ ᠵᠢᠡᠷ ᠶᠠᠰᠤ ᠴᠢᠨᠠᠷ᠎ᠤᠨ ᠪᠣᠭᠣᠮᠲᠠ᠎ᠶᠢ ᠦᠩᠬᠡᠷᠡᠬᠦ ᠬᠡᠷᠡᠭᠳᠡᠢ᠃ ᠥᠪᠥᠷ ᠮᠣᠩᠭᠣᠯ ᠪᠦᠲᠦᠭᠡᠭᠳᠡᠬᠦᠨ ᠦ ᠬᠢᠨᠠᠯᠲᠠ ᠬᠠᠮᠢᠶᠠᠷᠤᠯᠲᠠ᠎ᠪᠠᠨ ᠴᠢᠩᠭᠠᠳᠬᠠᠵᠤ᠂ ᠮᠠᠯ᠎ᠤᠨ ᠠᠰᠢᠭ᠋ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠦ ᠶᠠᠰᠤ ᠴᠢᠨᠠᠷ᠎ᠤᠨ ᠠᠮᠤᠷ ᠲᠦᠪᠰᠢᠨ᠎ᠦ ᠬᠢᠷᠢ ᠲᠡᠩᠴᠡᠭᠰᠡᠨ ᠨᠣᠷᠮ᠎ᠠ᠎ᠶᠢ 5 ᠵᠢᠯ ᠳᠠᠷᠠᠭᠠᠯᠠᠨ 98% ᠡᠴᠡ ᠳᠡᠭᠡᠭᠰᠢ ᠪᠠᠢᠯᠭᠠᠬᠤ᠎ᠶᠢ ᠪᠠᠲᠤᠯᠠᠪᠠ᠃ ᠭᠠᠵᠠᠷ ᠵᠦᠢ᠎ᠶᠢᠨ ᠢᠯᠡᠷᠬᠡᠢᠯᠡᠯᠳᠤ ᠲᠠᠷᠢᠶᠠᠯᠠᠩ᠎ᠤᠨ ᠪᠦᠲᠦᠭᠡᠭᠳᠡᠬᠦᠨ᠎ᠢ 135᠂ ᠪᠣᠬᠢᠷᠲᠤᠯ ᠦᠭᠡᠢ ᠢᠳᠡᠭᠡᠨ᠎ᠢ 2299 ᠬᠢᠨᠡᠨ ᠲᠣᠭᠲᠠᠭᠠᠪᠠ; ᠪᠦᠬᠦ ᠤᠯᠤᠰ᠎ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ᠎ᠤᠨ ᠪᠦᠲᠦᠭᠡᠭᠳᠡᠬᠦᠨ 983 ᠪᠣᠯᠵᠤ᠂ ᠲᠣᠭ᠎ᠠ ᠬᠡᠮᠵᠢᠶ᠎ᠡ ᠨᠢ ᠪᠦᠬᠦ ᠤᠯᠤᠰ᠎ᠤᠨ ᠨᠢᠭᠡᠳᠦᠭᠡᠷ᠎ᠲᠦ ᠣᠷᠣᠪᠠ᠃
ᠡᠭᠦᠨ᠎ᠦ ᠵᠡᠷᠭᠡ᠎ᠪᠡᠷ ᠥᠪᠥᠷ ᠮᠣᠩᠭᠣᠯ ᠦᠬᠡᠷ ᠬᠣᠨᠢᠨ ᠮᠢᠬ᠎ᠠ᠎ᠶᠢᠨ ᠠᠷᠠᠯᠵᠢᠶᠠᠨ᠎ᠤ ᠲᠥᠪ᠎ᠦᠨ ᠪᠦᠲᠦᠭᠡᠨ ᠪᠠᠢᠭᠤᠯᠤᠯᠲᠠ᠎ᠶᠢ ᠪᠦᠬᠦ ᠬᠦᠴᠦᠨ᠎ᠢᠶᠡᠷ᠎ᠢᠶᠡᠨ ᠠᠬᠢᠭᠤᠯᠵᠤ᠂ ᠪᠡᠭᠡᠵᠢᠩ᠂ ᠱᠠᠩᠬᠠᠢ᠂ ᠭᠤᠸᠠᠨᠭᠵᠸᠦ ᠵᠡᠷᠭᠡ ᠪᠦᠬᠦ ᠤᠯᠤᠰ᠎ᠤᠨ ᠭᠣᠣᠯ ᠪᠣᠯᠬᠤ ᠪᠠᠷᠠᠭᠠᠨ᠎ᠤ ᠭᠦᠢᠯᠭᠡᠭᠡ ᠵᠢᠨ ᠬᠦᠢᠰᠦ ᠭᠠᠵᠠᠷ᠎ᠲᠤ ᠬᠠᠮᠲᠤ᠎ᠪᠠᠷ ᠡᠳ᠋ᠯᠡᠬᠦ 7 ᠬᠥᠮᠥᠷᠭᠡ᠎ᠶᠢ ᠪᠠᠢᠷᠢᠰᠢᠭᠤᠯᠵᠤ᠂ ᠲᠢᠶᠠᠨᠵᠢᠨ᠂ ᠹᠦᠸᠸᠱᠠᠨ᠂ ᠶᠦᠨ ᠹᠦ ᠵᠡᠷᠭᠡ ᠭᠠᠵᠠᠷ᠎ᠲᠤ 3 ᠠᠯᠠᠵᠤ ᠨᠢᠲᠤᠯᠵᠤ ᠡᠳ᠋ᠰᠢᠭᠦᠯᠬᠦ ᠲᠥᠪ᠎ᠢ ᠪᠠᠢᠷᠢᠰᠢᠭᠤᠯᠵᠤ᠂ ᠵᠠᠭᠤᠨ ᠲᠦᠮᠡᠨ ᠮᠢᠬᠠᠨ᠎ᠤ ᠦᠬᠡᠷ᠎ᠦᠨ《ᠬᠠᠯᠠᠭᠤᠨ ᠰᠣᠷᠭᠣᠭ ᠢᠳᠡᠭᠡᠨ᠎ᠢ ᠰᠢᠭᠤᠳ ᠬᠠᠩᠭᠠᠬᠤ》 ᠲᠣᠮᠣ᠌ ᠪᠤᠯᠤᠩ᠎ᠤᠨ ᠲᠣᠭᠣᠷᠢᠭ᠋᠎ᠢ ᠪᠠᠢᠭᠤᠯᠪᠠ᠃
ᠥᠪᠥᠷ ᠮᠣᠩᠭᠣᠯ ᠦᠷᠭᠦᠯᠵᠢᠯᠡᠨ ᠮᠣ᠌ ᠨᠢᠭᠡᠴᠢ ᠶᠢᠨ ᠤᠨᠠᠯᠲᠠ᠎ᠶᠢ ᠳᠡᠭᠡᠭᠰᠢᠯᠡᠭᠦᠯᠬᠦ᠎ᠡᠴᠡ ᠳᠠᠯᠳᠠ ᠬᠦᠴᠦᠨ᠎ᠢ ᠬᠦᠷᠳᠡᠵᠤ᠂ ᠨᠠᠷᠢᠯᠢᠭ᠋ ᠡᠳ᠋ᠰᠢᠭᠦᠯᠬᠦ᠎ᠡᠴᠡ ᠦᠷᠳᠡᠭ ᠢ ᠨᠡᠮᠡᠭᠳᠡᠬᠦᠯᠵᠤ᠂ ᠲᠦᠷᠦᠯ ᠲᠡᠮᠳᠡᠭ᠎ᠢᠶᠡᠷ ᠦᠨ᠎ᠡ ᠬᠠᠩᠰᠢ᠎ᠶᠢ ᠥᠰᠬᠡᠵᠤ ᠦᠷ᠎ᠡ ᠠᠰᠢᠭ ᠣᠯᠵᠤ᠂ ᠮᠠᠯ ᠠᠵᠤ ᠠᠬᠤᠢ ᠲᠠᠷᠢᠶᠠᠯᠠᠩ᠎ᠤᠨ《ᠭᠠᠷᠤᠯᠲᠠ᠎ᠶᠢᠨ ᠲᠤᠮᠦ ᠣᠷᠣᠨ》 ᠡᠴᠡ 《ᠠᠵᠤ ᠦᠢᠯᠡᠰ᠎ᠤᠨ ᠬᠦᠴᠦᠷᠬᠡᠭ ᠣᠷᠣᠨ》 ᠲᠡᠢᠰᠢ ᠤᠷᠤᠭᠰᠢᠯᠠᠬᠤ ᠵᠢ ᠠᠬᠢᠭᠤᠯᠵᠤ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃