ᠲᠡᠷᠢᠭᠦᠨ ᠨᠢᠭᠤᠷ>ᠰᠢᠨ᠎ᠡ ᠬᠦᠳᠡᠭᠡ>ᠴᠠᠢ᠎ᠶ᠋ᠢᠨ ᠵᠣᠭᠤᠭ

2026-02-26 11:14:54

ᠵᠣᠬᠢᠶᠠᠭ᠍ᠴᠢ᠄ ᠭᠤᠸ᠎ᠠ ᠣᠩᠱᠢᠭ᠍ᠰᠠᠨ ᠣᠳᠠᠭ᠎ᠠ᠄ 3

ᠴᠢᠴᠠᠷᠭᠠᠨ᠎ᠠ ᠵᠢᠨ ᠠᠵᠤ ᠦᠢᠯᠡᠰᠵᠢᠯᠳᠠ ᠨᠢ ᠨᠤᠭᠤᠭᠠᠷᠠᠭᠤᠯᠤᠯᠳᠠ ᠬᠢᠭᠡᠳ ᠪᠠᠶᠠᠵᠢᠯ ᠤ᠋ᠨ ᠬᠤᠤᠰ ᠬᠠᠷᠠᠯᠳᠠ ᠵᠢ ᠪᠡᠶᠡᠯᠡᠭᠦᠯᠵᠡᠢ


ᠣᠷᠳᠣᠰ ᠤ᠋ᠨ ᠳ᠋ᠦᠩᠱᠧᠩ ᠲᠣᠭᠣᠷᠢᠭ᠋ ᠤ᠋ᠨ ᠬᠢᠨ ᠠᠷᠰᠧᠨ ᠡᠯᠡᠰᠦᠨ ᠴᠢᠯᠠᠭᠤᠯᠢᠭ ᠤ᠋ᠨ ᠤᠷᠤᠨ ᠳ᠋ᠦ᠍ ᠴᠢᠴᠠᠷᠭᠠᠨ᠎ᠠ ᠲᠠᠷᠢᠵᠤ᠂ ᠨᠣᠭᠣᠭᠠᠨ ᠳᠤᠮᠤᠭ ᠢ᠋ ᠬᠦᠤᠷᠨᠢᠵᠤ ᠪᠠᠢᠯ᠎ᠠ᠃ ᠴᠢᠴᠠᠷᠭᠠᠨ᠎ᠠ ᠵᠢᠨ ᠤᠢ ᠨᠢ ᠰᠠᠯᠬᠢ ᠵᠢ ᠬᠠᠯᠬᠠᠯᠠᠨ ᠡᠯᠡᠰᠦ ᠵᠢ ᠲᠣᠭᠲᠠᠪᠤᠷᠢᠵᠢᠭᠤᠯᠬᠤ ᠠᠮᠢ ᠠᠬᠤᠢ ᠵᠢᠨ ᠬᠠᠮᠠᠭᠠᠯᠠᠭᠴᠢ ᠪᠣᠯᠤᠭᠰᠠᠨ᠎ᠵᠢᠡᠷ ᠪᠠᠷᠠᠬᠤ ᠦᠭᠡᠢ᠂ ᠨᠡᠩ ᠴᠤ᠌ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠵᠢᠨ ᠦᠷ᠎ᠡ ᠪᠦᠲᠦᠮᠵᠢ ᠪᠣᠯᠤᠭᠰᠠᠨ ᠪᠠᠢᠨ᠎ᠠ᠃

ᠴᠢᠴᠠᠷᠭᠠᠨ᠎ᠠ ᠵᠢᠨ ᠠᠮᠢᠵᠢᠷᠠᠯ ᠤ᠋ᠨ ᠬᠦᠴᠦᠨ ᠪᠢᠯᠬᠠᠮ᠎ᠠ᠃ ᠴᠢᠴᠠᠷᠭᠠᠨ᠎ᠠ ᠵᠢᠨ ᠦᠨᠳᠦᠰᠦᠨ ᠰᠢᠰᠲ᠋ᠧᠮ ᠨᠢ ᠬᠦᠷᠦᠰᠤᠨ ᠳ᠋ᠤ ᠬᠦᠨ᠎ᠡ ᠳᠤᠤᠷ ᠮᠡᠳᠤ ᠰᠦᠯᠵᠢᠯᠳᠤᠨ᠂ ᠡᠬᠡ ᠭᠠᠵᠠᠷ ᠤ᠋ᠨ ᠰᠤᠳᠠᠰᠤ ᠮᠡᠳᠤ ᠬᠥᠷᠥᠰᠥ ᠰᠢᠷᠣᠢ ᠵᠢ ᠳᠤᠭᠳᠠᠪᠤᠷᠢᠵᠢᠭᠤᠯᠵᠤ᠂ ᠠᠮᠢ ᠨᠠᠰᠤᠨ ᠤ᠋ ᠢᠷᠠᠭᠤ ᠠᠶᠠᠰ ᠎ᠢ ᠴᠢᠪᠬᠠᠳᠠᠨ᠎ᠠ᠃ ᠲᠡᠷᠡ ᠨᠢ ᠭᠠᠩ ᠬᠠᠭᠰᠠᠷᠠᠭᠠᠨ ᠳ᠋ᠤ ᠳᠠᠭᠠᠭᠠᠮᠠᠭᠠᠢ ᠪᠥᠭᠡᠳ ᠬᠤᠵᠢᠷ ᠲᠦ᠍ ᠳᠡᠰᠪᠦᠷᠢᠳᠠᠢ᠂ ᠲᠠᠴᠢᠷ ᠬᠥᠷᠥᠰᠥᠨ ᠳ᠋ᠦ᠍ ᠦᠨᠳᠦᠰᠦ ᠪᠡᠨ ᠬᠦᠨ᠎ᠡ ᠬᠠᠳᠬᠤᠵᠤ᠂ ᠰᠠᠯᠬᠢ ᠰᠢᠭᠤᠷᠭ᠎ᠠ ᠵᠢᠨ ᠴᠤᠬᠢᠯᠭ᠎ᠠ ᠳ᠋ᠤ ᠦᠷᠡᠯᠠᠨ ᠵᠢᠮᠢᠰᠯᠡᠵᠤ᠂ ᠡᠷᠡᠰ ᠬᠠᠲᠠᠭᠤ ᠠᠮᠢᠵᠢᠷᠠᠯ ᠤ᠋ᠨ ᠬᠦᠴᠦᠨ ᠵᠢᠡᠷ ᠠᠮᠢ ᠠᠬᠤᠢ ᠵᠢᠨ ᠰᠡᠷᠭᠦᠯᠲᠡ ᠵᠢᠨ ᠦᠨᠡᠨ ᠶᠣᠰᠣ ᠵᠢ ᠲᠠᠢᠯᠪᠤᠷᠢᠯᠠᠵᠤ ᠪᠠᠢᠳᠠᠭ᠃ ᠴᠢᠴᠠᠷᠭᠠᠨ᠎ᠠ ᠵᠢᠨ ᠣᠢ ᠨᠢ ᠵᠢᠯ ᠳᠠᠷᠠᠭᠠᠯᠠᠨ ᠠᠲᠠᠷ ᠲᠠᠯ᠎ᠠ ᠳ᠋ᠤ᠌ ᠨᠣᠭᠣᠭᠠᠨ ᠬᠤᠪᠴᠠᠰᠤ ᠨᠦᠮᠦᠷᠤᠭᠦᠯᠦᠨ᠂ ᠵᠢᠯ ᠪᠦᠷᠢ ᠬᠡᠳᠦᠨ ᠵᠠᠭᠤᠨ ᠲᠤᠨ ᠰᠢᠪᠠᠷ ᠡᠯᠡᠰᠦ ᠵᠢ ᠬᠠᠰᠢᠵᠤ᠂ ᠬᠠᠲᠤᠨ ᠭᠣᠣᠯ ᠤ᠋ᠨ ᠠᠮᠤᠷ ᠲᠦᠪᠰᠢᠨ ᠢ᠋ ᠬᠠᠮᠠᠭᠠᠯᠠᠵᠤ ᠪᠠᠢᠯ᠎ᠠ ᠃

ᠳᠤᠷᠠᠳᠤᠭᠤᠰᠢᠳᠠᠢ ᠨᠢ᠂ ᠴᠢᠴᠠᠷᠭᠠᠨ᠎ᠠ ᠲᠠᠷᠢᠬᠤ ᠨᠢ ᠳᠠᠩ ᠭᠠᠭᠴᠠ ᠠᠮᠢ ᠠᠬᠤᠢ ᠵᠢᠨ ᠰᠡᠷᠭᠦᠯᠲᠡ ᠬᠠᠮᠠᠭᠠᠯᠠᠯᠳᠠ ᠵᠢᠨ ᠶᠠᠪᠤᠳᠠᠯ ᠪᠤᠰᠤ᠂ ᠬᠠᠷᠢᠨ ᠨᠤᠭᠤᠭᠠᠷᠠᠭᠤᠯᠤᠯᠳᠠ ᠪᠣᠯᠤᠨ ᠪᠠᠶᠠᠵᠢᠯ᠎ᠤᠨ ᠦᠷᠭᠦᠯᠵᠢᠯᠡᠭᠦ ᠬᠦᠭᠵᠢᠯᠳᠡ ᠵᠢᠨ ᠵᠠᠮ ᠢ᠋ ᠨᠡᠭᠡᠭᠡᠭᠰᠡᠨ ᠳ᠋ᠤ ᠪᠤᠢ᠃ ᠵᠠᠰᠠᠭ ᠤ᠋ᠨ ᠤᠷᠳᠤᠨ ᠤ᠋ ᠬᠦᠳᠦᠯᠦᠨ ᠳᠠᠭᠠᠭᠤᠯᠭ᠎ᠠ ᠡᠴᠡ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤ᠋ᠨ ᠳᠤᠯᠭᠠᠭᠤᠷᠢᠯᠠᠯ ᠬᠦᠷᠳᠡᠯ᠎ᠡ᠂ ᠠᠵᠤ ᠠᠬᠤᠢ ᠎ᠵᠢᠨ ᠳᠠᠢᠴᠢᠯᠠᠯᠳᠠ ᠡᠴᠡ ᠳᠠᠷᠢᠶᠠᠴᠢᠳ ᠤ᠋ᠨ ᠤᠷᠤᠯᠴᠠᠯᠭ᠎ᠠ ᠬᠦᠷᠳᠡᠯ᠎ᠡ᠂ ᠴᠢᠴᠠᠷᠭᠠᠨ᠎ᠠ ᠵᠢᠨ ᠠᠵᠤ ᠦᠢᠯᠡᠰᠵᠢᠯᠳᠠ ᠨᠢ ᠨᠤᠭᠤᠭᠠᠷᠠᠭᠤᠯᠤᠯᠳᠠ ᠬᠢᠭᠡᠳ ᠪᠠᠶᠠᠵᠢᠯ ᠤ᠋ᠨ ᠬᠤᠤᠰ ᠬᠠᠷᠠᠯᠳᠠ ᠵᠢ ᠪᠡᠶᠡᠯᠡᠭᠦᠯᠵᠡᠢ᠃ ᠲᠡᠷᠠᠪᠠᠷ ᠠᠭᠤᠯᠠ ᠤᠰᠤ ᠵᠢ ᠨᠤᠭᠤᠭᠠᠷᠠᠭᠤᠯᠵᠤ ᠠᠮᠢ ᠠᠬᠤᠢ᠎ᠵᠢ ᠰᠠᠢᠵᠢᠷᠠᠭᠤᠯᠤᠭᠰᠠᠨ᠎ᠵᠢᠡᠷ ᠪᠠᠷᠠᠬᠤ ᠦᠭᠡᠢ ᠲᠠᠷᠢᠶᠠᠯᠠᠬᠤ ᠡᠷᠤᠭᠡ᠎ᠵᠢᠨ ᠤᠷᠤᠯᠭ᠎ᠠ᠎ᠵᠢ ᠨᠡᠮᠡᠭᠳᠡᠬᠦᠯᠵᠤ ᠠᠵᠤ ᠠᠮᠢᠳᠤᠷᠠᠯ᠎ᠢ ᠨᠢ ᠦᠭᠡᠳᠡ ᠲᠠᠳᠠᠵᠤ ᠪᠤᠢ᠃ ᠥᠩᠭᠡᠷᠡᠭᠰᠡᠨ ᠤ᠋ 《ᠠᠮᠢ ᠠᠬᠤᠢ ᠵᠢᠨ ᠰᠢᠷᠬ᠎ᠠ 》 ᠪᠤᠯᠤᠭᠰᠠᠨ ᠭᠠᠵᠠᠷ ᠨᠤᠳᠤᠭ ᠢ᠋ 《ᠠᠵᠤ ᠦᠢᠯᠡᠰ ᠤ᠋ᠨ ᠪᠠᠶᠠᠨ ᠪᠦᠷᠢᠳᠦ 》 ᠪᠣᠯᠭᠠᠵᠠᠢ᠃

ᠴᠢᠴᠠᠷᠭᠠᠨ᠎ᠠ ᠵᠢᠨ ᠤᠢ ᠨᠢ ᠬᠥᠮᠦᠨ ᠪᠠᠢᠭᠠᠯᠢ ᠡᠶ᠎ᠡ ᠵᠣᠬᠢᠴᠠᠩᠭᠤᠢ ᠬᠠᠮᠳᠤ ᠪᠡᠷ ᠣᠷᠣᠰᠢᠵᠤ᠂ ᠠᠮᠢ ᠠᠬᠤᠢ ᠵᠢᠨ ᠬᠠᠮᠠᠭᠠᠯᠠᠯᠲᠠ ᠪᠣᠯᠤᠨ ᠡᠠᠵᠤ ᠠᠬᠤᠢ ᠵᠢᠨ ᠬᠥᠭᠵᠢᠯᠳᠡ ᠵᠡᠷᠭᠡ ᠪᠡᠷ ᠤᠷᠤᠰᠢᠨ ᠬᠠᠷᠢᠯᠴᠠᠨ ᠠᠬᠢᠭᠤᠯᠳᠠᠭ ᠭᠡᠳᠡᠭ ᠢ᠋ ᠬᠡᠷᠡᠴᠢᠯᠡᠨ᠎ᠠ᠃ ᠪᠢᠳᠠ ᠴᠢᠴᠠᠷᠭᠠᠨ᠎ᠠ ᠲᠠᠷᠢᠵᠤ ᠠᠮᠢ ᠠᠬᠤᠢ ᠤᠷᠴᠢᠨ ᠲᠤᠭᠤᠷᠢᠨ᠎ᠵᠢᠡᠨ ᠨᠠᠡᠭ ᠰᠠᠢᠳᠤᠷ ᠬᠠᠮᠠᠭᠠᠯᠠᠶ᠎ᠠ!

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面