ᠲᠡᠷᠢᠭᠦᠨ ᠨᠢᠭᠤᠷ>ᠰᠢᠨ᠎ᠡ ᠬᠦᠳᠡᠭᠡ>ᠴᠠᠢ᠎ᠶ᠋ᠢᠨ ᠵᠣᠭᠤᠭ

2026-10-19 16:55:56

ᠵᠣᠬᠢᠶᠠᠭ᠍ᠴᠢ᠄ ᠦᠨᠢᠷ ᠣᠩᠱᠢᠭ᠍ᠰᠠᠨ ᠣᠳᠠᠭ᠎ᠠ᠄ 3

ᠥᠪᠥᠷ ᠮᠣᠩᠭᠣᠯ ᠭᠡᠵᠤ ᠠᠭᠤᠷ ᠠᠮᠢᠰᠬᠤᠯ ᠤ᠋ᠨ ᠬᠤᠪᠢᠷᠠᠯᠲᠠ ᠶᠡᠬᠡ᠂ ᠠᠮᠢ ᠠᠬᠤᠶ ᠢ᠋ᠢᠨ ᠵᠠᠰᠠᠯᠲᠠ ᠢ᠋ᠢᠨ ᠡᠭᠦᠷᠭᠡ ᠬᠦᠨᠳᠤ ᠭᠠᠵᠠᠷ ᠣᠷᠣᠨ ᠤ᠋ ᠨᠢᠭᠡ ᠪᠣᠯᠤᠨ᠎ᠠ᠃ ᠤᠯᠠᠨ ᠵᠢᠯ ᠤ᠋ᠨ ᠲᠤᠷᠰᠢ ᠡᠯᠡᠰᠦᠷᠬᠡᠭᠵᠢᠯ  ᠢ᠋ ᠰᠡᠷᠭᠡᠢᠯᠡᠨ ᠡᠯᠡᠰᠤ ᠢ᠋ᠢ ᠵᠠᠰᠠᠬᠤ ᠠᠵᠢᠯ ᠠᠭᠠᠷ ᠤ᠋ᠨ ᠳᠤᠯᠠᠭᠠᠨ ᠤ᠋ ᠵᠦᠷᠢᠶ᠎ᠠ ᠶᠡᠬᠡ᠂ ᠬᠤᠷ᠎ᠠ ᠲᠤᠨᠳᠠᠰᠤᠨ ᠤ᠋ ᠲᠠᠷᠬᠠᠯᠲᠠ ᠲᠡᠭᠰᠢ ᠪᠤᠰᠤ᠂ ᠰᠠᠯᠬᠢᠨ ᠤ᠋ ᠬᠦᠴᠦ ᠶᠡᠬᠡ ᠵᠡᠷᠭᠡ ᠬᠦᠨ ᠳᠠᠪᠬᠤᠷᠭ᠎ᠠ ᠢ᠋ᠢᠨ ᠠᠭᠤᠷ ᠠᠮᠢᠰᠬᠤᠯ  ᠤ᠋ᠨ ᠰᠤᠷᠢᠯᠲᠠ  ᠰᠢᠯᠭᠠᠯᠲᠠ᠎ᠳᠤ ᠳᠤᠯᠭᠠᠷᠠᠭᠰᠠᠭᠠᠷ ᠢᠷᠡᠭᠰᠡᠨ ᠶᠤᠮ᠃

ᠭᠡᠪᠡᠴᠤ ᠴᠠᠭ ᠠᠭᠤᠷ ᠤ᠋ᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠳ᠋ᠤ ᠲᠦᠰᠢᠭᠯᠡᠨ ᠠᠭᠤᠷ ᠠᠮᠢᠰᠬᠤᠯ ᠤ᠋ᠨ ᠰᠤᠷᠢᠯᠲᠠ ᠰᠢᠯᠭᠠᠯᠲᠠ ᠢ᠋ᠢ ᠨᠢᠭᠡᠳ ᠨᠢᠭᠡ ᠪᠡᠷ ᠪᠦᠲᠦᠮᠵᠢᠲᠡᠢ ᠠᠷᠭᠠᠴᠠᠭᠠᠵᠤ ᠴᠢᠳᠡᠨ᠎ᠠ ᠭᠡᠳᠡᠭ ᠢ᠋ ᠥᠪᠥᠷ ᠮᠣᠩᠭᠣᠯ ᠤ᠋ᠨ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠢ᠋ᠢ ᠵᠠᠰᠠᠬᠤ ᠠᠵᠢᠯ ᠤ᠋ᠨ ᠦᠷ᠎ᠠ ᠪᠦᠲᠦᠮᠵᠢ ᠭᠦᠢᠴᠡᠳ ᠬᠡᠷᠡᠴᠢᠯᠡᠵᠤ ᠪᠠᠢᠨ᠎ᠠ᠃ ᠪᠣᠰᠣᠭ᠎ᠠ ᠴᠣᠭᠴᠠᠲᠤ᠌ ᠠᠮᠢ ᠠᠬᠤᠶ ᠢ᠋ᠢᠨ ᠬᠢᠨᠠᠨ ᠬᠡᠮᠵᠢᠬᠦ᠌ ᠰᠢᠰᠲ᠋ᠧᠮ ᠨᠢ ᠳᠠᠭᠠᠭᠤᠯᠢ ᠣᠳᠣᠨ ᠤ᠋ ᠠᠯᠤᠰ ᠰᠡᠷᠡᠯ᠂ ᠷᠠᠳᠠᠷ ᠤ᠋ᠨ ᠠᠵᠢᠭᠯᠠᠯᠲᠠ᠂ ᠭᠠᠵᠠᠷ ᠳᠡᠭᠡᠷᠡᠬᠢ ᠥᠷᠲᠡᠭᠡ ᠴᠡᠭ᠂ ᠵᠢᠯᠣᠭᠣᠴᠢ ᠥᠬᠡᠶ ᠨᠢᠰᠬᠡᠯ᠎ᠵᠡᠷᠭᠡ ᠰᠠᠨᠰᠠᠷ ᠣᠭᠲᠠᠷᠭᠤᠶ ᠭᠠᠵᠠᠷ ᠤ᠋ᠨ ᠨᠢᠭᠡ ᠴᠤᠭᠴᠠᠵᠢᠭᠤᠯᠤᠭᠰᠠᠨ ᠪᠠᠶ᠋ᠢᠷᠢᠰᠢᠭᠤᠯᠤᠯᠲᠠ ᠪᠡᠷ ᠳᠡᠮᠵᠢᠨ ᠬᠥᠷᠥᠰᠥ᠍ ᠰᠢᠷᠣᠶ ᠢ᠋ᠢᠨ ᠴᠢᠭᠢᠭ ᠤ᠋ᠨ ᠪᠠᠶ᠋ᠢᠳᠠᠯ᠂ ᠡᠯᠡᠰᠦᠨ ᠤ᠋ ᠰᠢᠯᠵᠢᠯᠲᠡ᠂ ᠤᠷᠭᠤᠮᠠᠯ ᠤ᠋ᠨ ᠬᠤᠴᠢᠯᠭ᠎ᠠ ᠵᠡᠷᠭᠡ ᠡᠯᠡᠰᠦᠷᠬᠡᠭ ᠭᠠᠵᠠᠷ ᠤ᠋ᠨ ᠠᠮᠢ ᠠᠬᠤᠶ ᠢ᠋ᠢᠨ ᠪᠠᠶ᠋ᠢᠳᠠᠯ ᠢ᠋ ᠪᠥᠬᠥ᠌ ᠣᠷᠣᠨ ᠪᠦᠰᠡ᠎ᠪᠡᠷ ᠨᠢ ᠬᠠᠮᠢᠶᠠᠷᠤᠨ ᠡᠵᠡᠮᠳᠡᠬᠦ᠌᠎ᠶᠢ ᠪᠡᠶᠡᠯᠡᠭᠦᠯᠵᠡᠢ᠃

ᠡᠯᠡᠰᠦᠷᠬᠡᠭ ᠭᠠᠵᠠᠷ  ᠤ᠋ᠨ ᠲᠠᠷᠬᠠᠯᠲᠠ ᠢ᠋ᠢᠨ ᠣᠨᠴᠠᠯᠢᠭ ᠪᠠ ᠠᠭᠤᠷ ᠠᠮᠢᠰᠬᠤᠯ ᠤ᠋ᠨ ᠵᠢᠮ᠎ᠡ ᠶᠣᠰᠣᠨ᠎ᠳᠤ ᠰᠠᠭᠤᠷᠢᠯᠠᠬᠰᠠᠨ ᠰᠤᠳᠤᠯᠤᠨ ᠮᠠᠭᠠᠳᠯᠠᠬᠤ ᠰᠢᠰᠲᠸᠮ ᠨᠢ ᠥᠪᠥᠷ ᠮᠣᠩᠭᠣᠯ ᠤ᠋ᠨ ᠣᠯᠠᠨ ᠵᠢᠯ ᠤ᠋ᠨ ᠠᠮᠢ ᠠᠬᠤᠶ ᠢ᠋ᠢᠨ ᠠᠭᠤᠷ ᠠᠮᠢᠰᠬᠤᠯ ᠤ᠋ᠨ ᠲᠤᠭ᠎ᠠ ᠪᠠᠷᠢᠮᠲᠠ ᠢ᠋ᠢ  ᠵᠠᠳᠠᠯᠵᠤ᠂ ᠭᠠᠩ ᠬᠠᠭᠰᠠᠷᠠᠭᠠᠨ᠂ ᠶᠡᠬᠡ ᠰᠠᠯᠬᠢ᠂ ᠡᠯᠡᠰᠦ ᠲᠣᠭᠣᠰᠣ ᠵᠡᠷᠭᠡ ᠭᠠᠮᠰᠢᠭ ᠤ᠋ᠨ ᠬᠠᠨᠳᠤᠰᠢ᠎ᠶᠢ ᠣᠨᠣᠪᠴᠢᠲᠠᠶ ᠤᠷᠢᠳᠴᠢᠯᠠᠨ ᠮᠠᠭᠠᠳᠯᠠᠵᠤ᠂ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠢ᠋ᠢ ᠵᠠᠰᠠᠬᠤ ᠠᠵᠢᠯ  ᠤ᠋ᠨ 《ᠭᠠᠮᠰᠢᠭ ᠤ᠋ᠨ ᠳᠠᠷᠠᠭ᠎ᠠ ᠵᠠᠰᠠᠨ ᠰᠡᠷᠭᠦᠭᠡᠬᠦ᠌》 ᠡᠴᠡ 《ᠭᠠᠮᠰᠢᠭ ᠤ᠋ᠨ ᠡᠮᠦᠨ᠎ᠡ ᠰᠡᠷᠭᠡᠶ᠋ᠢᠯᠡᠨ ᠡᠵᠡᠮᠳᠡᠬᠦ᠌》 ᠲᠡᠶ᠋ᠢᠰᠢ ᠰᠢᠯᠵᠢᠬᠦ᠌᠎ᠶᠢ ᠠᠬᠢᠭᠤᠯᠪᠠ; ᠭᠠᠩ ᠬᠠᠭᠤᠷᠠᠶ ᠪᠣᠷᠣᠭᠠᠨ ᠪᠠᠭ᠎ᠠ᠂ ᠠᠭᠤᠷᠰᠢᠯᠲᠠ ᠶᠡᠬᠡ ᠵᠡᠷᠭᠡ ᠠᠭᠤᠷ ᠠᠮᠢᠰᠬᠤᠯ ᠤ᠋ᠨ ᠣᠨᠴᠠᠯᠢᠭ᠎ᠲᠤ᠌ ᠴᠢᠭᠯᠡᠭᠦᠯᠦᠨ ᠠᠮᠢ ᠠᠬᠤᠶ᠎ᠶᠢ ᠰᠡᠷᠭᠦᠭᠡᠬᠦ᠌ ᠬᠡᠯᠪᠡᠷᠢ ᠢ᠋ᠢᠨ ᠬᠥᠮᠦᠨ᠎ᠦ ᠬᠦᠴᠦ᠎ᠪᠡᠷ ᠪᠣᠷᠣᠭᠠᠨ ᠨᠡᠮᠡᠭᠳᠡᠬᠦᠯᠬᠦ ᠠᠵᠢᠯ ᠢ᠋ ᠪᠠᠶ᠋ᠢᠩᠭᠤᠵᠢᠭᠤᠯᠤᠨ ᠥᠷᠨᠢᠭᠦᠯᠵᠦ᠍᠂ ᠬᠥᠷᠥᠰᠥ᠍ ᠰᠢᠷᠣᠶ᠎ᠳᠤ ᠣᠨᠣᠪᠴᠢᠲᠠᠶ ᠪᠡᠷ ᠤᠰᠤ ᠨᠥᠬᠥᠪᠥᠷᠢᠯᠡᠨ᠂ ᠡᠯᠡᠰᠦᠷᠬᠡᠭ ᠭᠠᠵᠠᠷ  ᠤ᠋ᠨ ᠠᠮᠢ ᠠᠬᠤᠶ ᠢ᠋ᠢᠨ ᠤᠰᠤ ᠳᠤᠲᠠᠭᠳᠠᠬᠤ ᠳᠤᠲᠠᠭᠤᠳᠠᠯ  ᠢ᠋ ᠨᠥᠬᠥᠪᠥᠷᠢᠯᠡᠪᠠ ᠁

ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠢ᠋ᠢ ᠵᠠᠰᠠᠬᠤ᠎ᠳᠤ ᠠᠭᠤᠷ ᠠᠮᠢᠰᠬᠤᠯ ᠢ᠋ ᠬᠦᠨᠳᠦᠳᠬᠡᠵᠦ᠍᠂ ᠤᠰᠤ ᠬᠥᠷᠥᠰᠥ᠎ᠶᠢ ᠬᠦᠨᠳᠦᠳᠬᠡᠬᠦ ᠴᠢᠬᠤᠯᠠᠲᠠᠢ᠂ ᠨᠡᠡᠭ ᠴᠤ᠌ ᠠᠭᠤᠷ ᠠᠮᠢᠰᠬᠤᠯ ᠤ᠋ᠨ ᠰᠤᠷᠢᠯᠲᠠ ᠪᠣᠯᠤᠨ ᠠᠮᠢ ᠠᠬᠤᠢ ᠢ᠋ᠢᠨ ᠵᠠᠰᠠᠯᠲᠠ ᠢ᠋ᠢ ᠤᠶᠤᠨᠴᠢ ᠪᠠᠷ ᠰᠢᠢᠳᠪᠦᠷᠢᠯᠡᠨ ᠠᠷᠭᠠᠴᠠᠭᠠᠬᠤ ᠴᠢᠬᠤᠯᠠᠲᠠᠢ᠃ ᠢᠡᠭᠭᠢᠮᠡᠨᠵᠢᠨ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠢ᠋ᠢ ᠵᠠᠰᠠᠬᠤ ᠠᠵᠢᠯ ᠦᠷ᠎ᠠ ᠪᠦᠲᠦᠮᠵᠢ ᠤᠯᠵᠤ᠂ ᠮᠠᠨ᠎ᠤ ᠤᠯᠤᠰ᠎ᠤᠨ ᠤᠮᠠᠷᠠᠲᠤ ᠢ᠋ᠢᠨ ᠠᠮᠢ ᠠᠬᠤᠢ ᠢ᠋ᠢᠨ ᠠᠮᠤᠷ ᠲᠦᠪᠰᠢᠨ᠎ᠦ ᠬᠠᠯᠬᠠᠪᠴᠢ᠎ᠶᠢ ᠨᠠᠡᠭ ᠪᠠᠳᠤ ᠴᠤᠭᠴᠠᠯᠠᠵᠤ ᠴᠢᠳᠠᠬᠤ ᠶᠤᠮ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面