2026-08-24 10:55:42
ᠬᠠᠤᠯᠢ ᠴᠠᠭᠠᠵᠠ ᠵᠢᠨ 《ᠤᠯᠠᠭᠠᠨ ᠱᠤᠭᠤᠮ》 ᠵᠢᠡᠷ ᠠᠮᠢ ᠠᠬᠤᠢ ᠵᠢᠨ 《ᠨᠤᠭᠤᠭᠠᠨ ᠦᠩᠭᠡ》 ᠵᠢ ᠬᠠᠮᠠᠭᠠᠯᠠᠨ᠎ᠠ᠃ 8 ᠰᠠᠷ᠎ᠠ ᠵᠢᠨ 15 ᠤ᠋ ᠡᠳᠦᠷ ᠬᠡᠷᠡᠭᠵᠢᠭᠦᠯᠦᠭᠳᠡᠭᠰᠡᠨ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠠᠮᠢ ᠠᠬᠤᠢ ᠣᠷᠴᠢᠨ ᠲᠣᠭᠣᠷᠢᠨ ᠤ᠋ ᠬᠠᠤᠯᠢ ᠵᠢᠨ ᠪᠢᠴᠢᠭ》 (ᠲᠤᠤᠷ᠎ᠠ 《ᠬᠠᠤᠯᠢᠵᠢᠨ ᠪᠢᠴᠢᠭ》 ᠭᠡᠵᠤ ᠲᠦᠬᠦᠮᠴᠢᠯᠡᠨ᠎ᠠ) ᠲᠦ᠍ ᠭᠤᠤᠯ ᠮᠦᠷᠡᠨ ᠤ᠋ ᠰᠠᠪᠠ ᠭᠠᠵᠠᠷ ᠢ᠋ ᠵᠠᠰᠠᠬᠤ᠂ ᠪᠣᠬᠢᠷᠲᠤᠯ ᠢ᠋ ᠬᠠᠮᠢᠶᠠᠷᠤᠨ ᠡᠵᠡᠮᠳᠡᠭᠦ ᠳ᠋ᠤ᠌ ᠬᠠᠤᠯᠢ ᠪᠡᠷ ᠵᠠᠰᠠᠬᠤ ᠲᠣᠳᠣᠷᠬᠠᠢ ᠪᠠᠷᠢᠮᠵᠢᠶ᠎ᠠ ᠵᠢ ᠲᠣᠭᠲᠠᠭᠠᠨ ᠥᠭᠴᠠᠢ᠃
ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠠᠲᠤ ᠴᠣᠭᠴᠠᠯᠠᠬᠤ ᠪᠣᠯ ᠥᠪᠥᠷ ᠮᠣᠩᠭᠣᠯ ᠤ᠋ᠨ ᠴᠢᠬᠤᠯᠠ ᠶᠡᠬᠡ ᠡᠭᠦᠷᠭᠡ ᠬᠠᠷᠢᠭᠤᠴᠠᠯᠭ᠎ᠠ ᠪᠣᠯᠤᠨ᠎ᠠ᠃ ᠪᠤᠭᠤᠲᠤ ᠬᠤᠳᠠ ᠵᠢᠨ ᠬᠤᠳᠠ ᠳᠤᠭᠤᠷᠢᠭ ᠲᠦ᠍ ᠬᠦᠨᠳᠦ ᠠᠵᠤ ᠦᠢᠯᠡᠳᠪᠦᠷᠢ ᠵᠢᠨ ᠠᠵᠤ ᠠᠬᠤᠢᠯᠠᠯ ᠲᠦᠪᠯᠡᠷᠡᠵᠤ᠂ ᠪᠤᠬᠢᠷᠳᠤᠯ ᠤᠨ ᠭᠠᠳᠠᠭᠰᠢᠯᠠᠭᠤᠯᠤᠯᠳᠠ ᠵᠢᠨ ᠭᠤᠤᠷᠰᠤ ᠬᠣᠭᠣᠯᠠᠢ ᠠᠭᠠᠯᠵᠢᠨ ᠳᠤᠤᠷ ᠮᠡᠳᠤ ᠰᠦᠯᠵᠢᠯᠳᠤᠨ᠂ ᠡᠬᠢ ᠡᠭᠦᠰᠦᠯ ᠡᠴᠡ ᠨᠢ ᠪᠣᠬᠢᠷᠲᠤᠯ ᠢ᠋ ᠠᠷᠢᠯᠭᠠᠬᠤ ᠬᠦᠴᠢᠷᠳᠡᠯ ᠶᠡᠬᠡ ᠲᠠᠢ᠃ ᠬᠠᠲᠤᠨ ᠭᠣᠣᠯ ᠤ᠋ᠨ ᠶᠡᠭᠡ ᠳᠤᠬᠤᠢ ᠵᠢᠨ ᠤᠷᠤᠨ ᠳ᠋ᠤ ᠪᠠᠢᠷᠢᠯᠠᠵᠤ ᠪᠠᠢᠭ᠎ᠠ ᠪᠤᠭᠤᠲᠤ ᠬᠤᠳᠠ ᠵᠢᠨ ᠪᠤᠬᠢᠷᠳᠤᠯᠤᠨ ᠭᠠᠳᠠᠭᠰᠢᠯᠠᠭᠤᠯᠤᠯᠳᠠ ᠵᠢ ᠰᠠᠢᠳᠤᠷ ᠡᠵᠡᠮᠳᠡᠨ ᠬᠠᠮᠢᠶᠠᠷᠬᠤ ᠨᠢ ᠬᠠᠳᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠢ ᠲᠠᠢ ᠰᠢᠭᠤᠳ ᠬᠤᠯᠪᠤᠭᠳᠠᠳᠠᠭ᠃ 《ᠬᠠᠤᠯᠢ ᠵᠢᠨ ᠪᠢᠴᠢᠭ》 ᠲᠦ᠍ ᠪᠣᠬᠢᠷᠳᠤᠯ ᠭᠠᠳᠠᠭᠰᠢᠯᠠᠭᠤᠯᠬᠤ ᠡᠬᠢ ᠡᠭᠦᠰᠦᠯ ᠢ᠋ ᠨᠢ ᠵᠠᠰᠠᠬᠤ᠂ ᠬᠠᠤᠯᠢ ᠳ᠋ᠤ᠌ ᠲᠣᠭᠲᠠᠭᠠᠭᠰᠠᠨ ᠪᠠᠢᠡᠭᠭᠤᠵᠢᠭᠤᠯᠤᠭᠰᠠᠨ ᠬᠠᠮᠢᠶᠠᠷᠤᠯᠲᠠ ᠬᠠᠮᠠᠭᠠᠯᠠᠯᠲᠠ ᠵᠢᠨ ᠬᠠᠷᠢᠭᠤᠴᠠᠯᠭ᠎ᠠ ᠵᠢ ᠲᠣᠳᠣᠷᠬᠠᠢᠯᠠᠵᠤ᠂ ᠵᠠᠰᠠᠨ ᠴᠡᠭᠴᠡᠯᠡᠬᠦ ᠳ᠋ᠦ᠍ ᠬᠦᠴᠢᠷ ᠠᠰᠠᠭᠤᠳᠠᠯ ᠢ᠋ ᠰᠢᠢᠳᠪᠦᠷᠢᠯᠡᠭᠦ ᠳᠤᠬᠠᠢ ᠦᠨᠳᠦᠰᠦᠨ ᠵᠢᠷᠤᠮᠯᠠᠯ ᠬᠠᠩᠭᠠᠵᠠᠢ᠃
ᠬᠠᠤᠯᠢ ᠲᠤᠭᠳᠠᠭᠠᠯ ᠢ ᠡᠳᠦᠷ ᠳᠣᠳᠣᠮ ᠤ᠋ᠨ ᠪᠤᠳᠠᠳᠤ ᠠᠵᠢᠯᠯᠠᠭ᠎ᠠ ᠳ᠋ᠠᠭᠠᠨ ᠨᠠᠢᠳᠠᠪᠤᠷᠢᠵᠢᠭᠤᠯᠬᠤ ᠴᠢᠬᠤᠯᠠᠳᠠᠢ᠃ ᠪᠤᠭᠤᠳᠤ ᠬᠤᠳᠠ ᠭᠣᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠭᠠᠵᠠᠷᠢ ᠶᠡᠷᠦᠩᠬᠡᠢᠯᠡᠨ ᠵᠠᠰᠠᠬᠤ ᠪᠠᠷ ᠭᠠᠷᠳᠠᠴᠠ ᠪᠣᠯᠭᠠᠵᠤ᠂ ᠬᠠᠤᠯᠢ ᠲᠤᠭᠳᠠᠭᠠᠯ ᠢ᠋ ᠤᠰᠤ ᠵᠢ ᠬᠠᠮᠠᠭᠠᠯᠠᠵᠤ ᠪᠣᠬᠢᠷᠲᠤᠯ ᠢ᠋ ᠵᠠᠰᠠᠬᠤ ᠪᠣᠳᠠᠲᠤ ᠠᠵᠢᠯᠯᠠᠭ᠎ᠠ ᠳ᠋ᠠᠭᠠᠨ ᠲᠤᠭᠤᠰᠢᠳᠠᠢ ᠨᠠᠢᠳᠠᠪᠤᠷᠢᠵᠢᠭᠤᠯᠵᠤ ᠪᠤᠢ᠃ 《ᠵᠢᠯᠤᠭᠤᠴᠢ ᠥᠬᠡᠢ ᠨᠢᠰᠬᠡᠯ ᠤ᠋ᠨ ᠰᠢᠯᠭᠠᠨ ᠬᠡᠮᠵᠢᠯᠳᠡ + ᠬᠦᠮᠦᠨ ᠤ᠋ ᠬᠦᠴᠦᠨ ᠤ᠋ ᠲᠣᠭᠣᠷᠢᠨ ᠪᠠᠢᠴᠠᠭᠠᠯᠳᠠ + ᠭᠤᠤᠷᠰᠤ ᠬᠣᠭᠣᠯᠠᠢ ᠳᠤᠳᠤᠷᠠᠬᠢ ᠮᠠᠰᠢᠨ ᠬᠥᠮᠦᠨ ᠤ᠋ ᠪᠠᠢᠴᠠᠭᠠᠯᠳᠠ》 ᠵᠢᠨ ᠪᠤᠰᠤᠭ᠎ᠠ ᠴᠤᠭᠴᠠᠳᠤ ᠠᠷᠭ᠎ᠠ ᠪᠠᠷᠢᠯ ᠵᠢᠠᠷ ᠪᠣᠬᠢᠷᠳᠤᠯ ᠭᠠᠳᠠᠭᠰᠢᠯᠠᠭᠤᠯᠬᠤ ᠭᠠᠵᠠᠷᠢ ᠡᠬᠢ ᠡᠭᠦᠰᠦᠯ ᠡᠴᠡ ᠨᠢ ᠮᠦᠷᠳᠡᠨ ᠪᠠᠢᠴᠠᠭᠠᠵᠤ᠂ ᠤᠰᠤᠨ ᠤ᠋ ᠴᠢᠨᠠᠷ ᠢ᠋ ᠠᠦ᠋ᠲ᠋ᠣ᠋ ᠪᠡᠷ ᠬᠢᠨᠠᠨ ᠬᠡᠮᠵᠢᠵᠤ ᠪᠦᠬᠦᠢ ᠪᠦᠬᠦ ᠬᠡᠯᠬᠢᠶ᠎ᠡ ᠵᠢᠨ ᠣᠶᠤᠨᠳᠤ ᠬᠢᠨᠠᠨ ᠬᠠᠮᠢᠶᠠᠷᠤᠯᠲᠠ ᠵᠢᠨ ᠰᠢᠰᠲ᠋ᠧᠮ ᠢ᠋ ᠪᠠᠢᠭᠤᠯᠵᠤ᠂ ᠪᠣᠬᠢᠷᠲᠤᠯ ᠢ᠋ ᠵᠠᠰᠠᠬᠤ ᠳ᠋ᠤ᠌ ᠦᠨᠳᠤᠰᠤ ᠪᠠᠷᠢᠮᠲᠠ ᠲᠠᠢ ᠬᠠᠮᠢᠶᠠᠷᠤᠨ ᠡᠵᠡᠮᠳᠡᠬᠦ ᠠᠷᠭ᠎ᠠ ᠪᠤᠳᠤᠯᠭ᠎ᠠ ᠵᠢ ᠬᠡᠷᠡᠭᠵᠢᠭᠦᠯᠤᠨ᠂ 《 ᠬᠠᠤᠯᠢ ᠵᠢᠨ ᠪᠢᠴᠢᠭ》 ᠢ᠋ ᠲᠤᠭᠤᠰᠢᠳᠠᠢ ᠨᠠᠢᠳᠠᠪᠦᠷᠢᠵᠢᠭᠤᠯᠵᠤ ᠪᠠᠢᠬᠤ ᠨᠢ ᠢᠯᠡᠭᠡᠨ᠃
ᠲᠦᠷᠦ ᠳ᠋ᠤ ᠬᠠᠤᠯᠢ ᠲᠠᠢ᠂ ᠲᠦᠮᠡᠨ ᠳ᠋ᠤ ᠶᠤᠰᠤ ᠲᠠᠢ᠃ 《ᠬᠠᠤᠯᠢ ᠵᠢᠨ ᠪᠢᠴᠢᠭ》 ᠨᠢ ᠲᠠᠯ᠎ᠠ ᠨᠤᠲᠤᠭ᠂ ᠭᠣᠣᠯ ᠮᠥᠷᠡᠨ ᠨᠠᠭᠤᠷ ᠴᠦᠭᠦᠷᠤᠮ᠂ ᠰᠠᠪᠠ ᠭᠠᠵᠠᠷ ᠢ᠋ ᠨᠢᠭᠡ ᠴᠣᠭᠴᠠᠵᠢᠭᠤᠯᠤᠨ ᠬᠠᠮᠠᠭᠠᠯᠠᠬᠤ ᠳ᠋ᠤ᠌ ᠰᠢᠰᠲ᠋ᠧᠮᠳᠤ ᠳᠦᠷᠢᠮ ᠤ᠋ᠨ ᠲᠤᠯᠭᠠᠭᠤᠷᠢᠯᠠᠯ ᠬᠠᠩᠭᠠᠵᠠᠢ᠃ ᠥᠪᠥᠷ ᠮᠣᠩᠭᠣᠯ 《ᠬᠠᠤᠯᠢ ᠵᠢᠨ ᠪᠢᠴᠢᠭ》 ᠵᠢᠡᠷ ᠠᠵᠢᠯᠯᠠᠭ᠎ᠠ ᠵᠢᠨ ᠵᠢᠡᠨ ᠵᠦᠭᠯᠡᠭᠦᠷ ᠪᠣᠯᠭᠠᠵᠤ᠂ ᠪᠣᠬᠢᠷᠳᠤᠯ ᠭᠠᠳᠠᠭᠰᠢᠯᠠᠭᠤᠯᠬᠤ ᠭᠠᠵᠠᠷᠢ ᠴᠡᠭᠴᠡᠯᠡᠨ ᠵᠠᠰᠠᠬᠰᠠᠨ ᠦᠷ᠎ᠡ ᠪᠦᠲᠦᠮᠵᠢ ᠪᠡᠨ ᠪᠠᠲᠤᠳᠬᠠᠵᠤ᠂ ᠡᠬᠢ ᠡᠭᠦᠰᠦᠯ ᠡᠴᠡ ᠨᠢ ᠬᠠᠮᠢᠶᠠᠷᠤᠨ ᠡᠵᠡᠮᠳᠡᠵᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠵᠢ ᠨᠢ ᠵᠡᠷᠭᠡ ᠪᠡᠷ ᠵᠠᠰᠠᠬᠤ᠂ ᠰᠢᠰᠲ᠋ᠸᠮ ᠲᠠᠢ ᠵᠠᠰᠠᠬᠤ ᠵᠢ ᠪᠠᠷᠢᠮᠲᠠᠯᠠᠵᠤ᠂ ᠬᠦᠳᠦᠯᠪᠦᠷᠢ ᠵᠢᠨ ᠴᠢᠨᠠᠷᠲᠠᠢ ᠬᠠᠤᠯᠢ ᠪᠠᠷ ᠠᠮᠢ ᠠᠬᠤᠢ ᠵᠢᠨ ᠠᠮᠤᠷ ᠲᠦᠪᠰᠢᠨ ᠢ᠋ ᠬᠠᠮᠠᠭᠠᠯᠠᠨ᠂ ᠬᠥᠮᠦᠨ ᠬᠢᠭᠡᠳ ᠪᠠᠢᠭᠠᠯᠢ ᠡᠶ᠎ᠡ ᠵᠣᠬᠢᠴᠠᠩᠭᠤᠢ ᠬᠠᠮᠲᠤ ᠪᠡᠷ ᠣᠷᠣᠰᠢᠬᠰᠠᠨ ᠦᠵᠡᠰᠭᠦᠯᠡᠩᠳᠤ ᠰᠠᠢᠬᠠᠨ ᠬᠡᠷ ᠤᠷᠤᠨ ᠵᠢᠡᠨ ᠰᠠᠢᠳᠤᠷ ᠴᠤᠭᠴᠠᠯᠠᠨ ᠬᠠᠮᠠᠭᠠᠯᠠᠬᠤ ᠪᠠᠷ ᠬᠦᠴᠤᠯᠠᠨ ᠴᠢᠷᠮᠠᠢᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃