2026-09-04 17:02:01
《 ᠦᠭᠡᠷ ᠲᠡᠵᠢᠭᠡᠬᠦ ᠴᠢᠨᠢ ᠪᠠᠰᠠ ᠲᠦᠭᠰᠢᠭᠦᠷᠢ ᠲᠠᠢ ᠦᠢᠯᠡᠰ ᠰᠢᠤ ᠂ ᠬᠡᠮ ᠬᠢᠵᠢᠭ ᠭᠠᠷᠪᠠᠯ ᠶᠡᠬᠡ ᠬᠤᠬᠢᠷᠠᠯ ᠪᠤᠯᠳᠠᠭ᠃ ᠤᠳᠤ ᠦᠭᠡᠷ ᠲᠡᠭᠡᠨ ᠳᠠᠭᠠᠳᠬᠠᠯ ᠠᠪᠤᠭᠰᠠᠨ ᠡᠴᠡ ᠰᠠᠨᠠᠭ᠎ᠠ ᠠᠮᠤᠷᠴᠢᠬᠠᠯᠠ》 ᠭᠡᠵᠦ ᠤᠯᠠᠭᠠᠨᠴᠠᠪ ᠬᠤᠳᠠ ᠶ᠋ᠢᠨ ᠲᠦᠷᠪᠡᠳ ᠬᠤᠰᠢᠭᠤᠨ ᠤ᠋ ᠪᠠᠶᠠᠨᠴᠤᠭᠳᠤ ᠪᠠᠯᠭᠠᠰᠤ ᠵᠢᠨ ᠪᠠᠶᠠᠨᠰᠢᠷᠡᠭᠡ ᠭᠠᠴᠠᠭᠠᠨ ᠤ᠋ ᠮᠠᠯᠴᠢᠨ ᠯᠢᠤ ᠵᠢᠶᠧ ᠬᠡᠯᠡᠨ᠎ᠠ᠃
ᠲᠦᠷᠦ ᠶ᠋ᠢᠨ ᠪᠤᠳᠤᠯᠭ᠎ᠠ ᠪᠤᠯ ᠮᠠᠯ ᠠᠵᠤ ᠠᠬᠤᠢ ᠲᠠᠷᠢᠶᠠᠯᠠᠩ ᠤ᠋ᠨ ᠬᠦᠭᠵᠢᠯᠳᠡ ᠶ᠋ᠢᠨ ᠴᠢᠬᠤᠯᠠ ᠲᠤᠯᠭᠠᠭᠤᠷᠢᠯᠠᠯ ᠮᠦᠨ᠃ ᠤᠢᠷ᠎ᠠ ᠶ᠋ᠢᠨ ᠵᠢᠯ ᠳ᠋ᠤ ᠦᠪᠤᠷ ᠮᠤᠨᠭᠭᠤᠯ ᠤᠯᠤᠰ ᠤ᠋ᠨ ᠠᠮᠤ ᠪᠤᠳᠠᠭᠠᠨ ᠤ᠋ ᠠᠮᠦᠷ ᠲᠦᠪᠰᠢᠨ ᠢ᠋ ᠪᠠᠳᠤᠯᠠᠬᠤ᠂ ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠡ ᠲᠠᠷᠢᠶᠠᠯᠠᠨᠭ᠌ ᠤ᠋ᠨ ᠪᠦᠲᠦᠭᠡᠭᠳᠡᠬᠦᠨ ᠤ᠋ ᠤᠢᠯᠡᠳᠪᠤᠷᠢᠯᠡᠯ ᠦ᠋ᠨ ᠰᠠᠭᠤᠷᠢᠨ ᠢ᠋ ᠪᠦᠳᠦᠬᠡᠨ ᠪᠠᠶ᠋ᠢᠭᠤᠯᠬᠤ ᠪᠡᠷ ᠭᠤᠤᠯ ᠵᠤᠷᠢᠯᠳᠠ ᠪᠤᠯᠭᠠᠨ ᠲᠥᠷᠥ ᠢ᠋ᠢᠨ ᠪᠣᠳᠣᠯᠭ᠎ᠠ ᠢ᠋ᠢᠨ ᠴᠢᠨᠠᠷᠲᠠᠶ ᠮᠠᠯ ᠠᠵᠤ ᠠᠬᠤᠢ ᠲᠠᠷᠢᠶᠠᠯᠠᠩ ᠤ᠋ᠨ ᠳᠠᠭᠠᠳᠬᠠᠯ ᠤ᠋ᠨ ᠠᠵᠢᠯ ᠢ᠋ ᠯᠠᠪᠳᠠᠭᠤᠨ ᠪᠠᠳᠤᠳᠠᠢ ᠠᠬᠢᠭᠤᠯᠵᠤ᠂ ᠮᠠᠯᠴᠢᠨ ᠲᠠᠷᠢᠶᠠᠴᠢᠨ ᠤ᠋ ᠦᠢᠯᠡᠳᠪᠤᠷᠢᠯᠡᠯ ᠳ᠋ᠤ ᠤᠷᠤᠯᠴᠠᠬᠤ ᠢᠳᠡᠪᠬᠢᠵᠢᠯ ᠢ᠋ ᠭᠦᠢᠴᠡᠳ ᠳᠠᠢᠴᠢᠯᠠᠨ᠂ ᠪᠦᠬᠦ ᠤᠷᠤᠨ ᠤ᠋ ᠮᠠᠯ ᠠᠵᠤ ᠠᠬᠤᠢ ᠲᠠᠷᠢᠶᠠᠯᠠᠩ ᠤ᠋ᠨ ᠴᠢᠨᠠᠷ ᠰᠠᠢᠳᠠᠢ ᠬᠦᠭᠵᠢᠯᠳᠡ ᠶ᠋ᠢ ᠡᠷᠴᠢᠮᠳᠠᠢ ᠠᠬᠢᠭᠤᠯᠪᠠ᠃
ᠪᠦᠬᠦ ᠤᠯᠤᠰ ᠤ᠋ᠨ ᠡᠮᠦᠨ᠎ᠠ ᠳᠠᠪᠤ + ᠪᠦᠬᠦ ᠤᠯᠤᠰ ᠤ᠋ᠨ ᠡᠮᠦᠨ᠎ᠠ ᠭᠤᠷᠪᠠ
ᠤᠳᠤ ᠦᠪᠦᠷ ᠮᠤᠩᠭᠤᠯ ᠨᠢᠭᠡᠨᠳᠡ 《ᠲᠥᠪ ᠡᠴᠡ ᠪᠦᠬᠡᠮ ᠲᠠᠸᠠᠷ ᠲᠤ᠌ ᠪᠠᠳᠤᠯᠠᠭ᠎ᠠ ᠬᠠᠩᠭᠠᠬᠤ᠂ ᠣᠷᠣᠨ ᠨᠤᠲᠤᠭ ᠡᠴᠡ ᠤᠨᠴᠠᠯᠢᠭᠳᠤ ᠪᠦᠳᠦᠭᠡᠭᠳᠡᠬᠦᠨ ᠳ᠋ᠤ ᠪᠠᠲᠤᠯᠠᠭ᠎ᠠ ᠬᠠᠩᠭᠠᠬᠤ》 ᠪᠡᠷ ᠭᠤᠤᠯ ᠪᠤᠯᠭᠠᠭᠰᠠᠨ ᠲᠥᠷᠥ ᠢ᠋ᠢᠨ ᠪᠣᠳᠣᠯᠭ᠎ᠠ ᠢ᠋ᠢᠨ ᠴᠢᠨᠠᠷᠲᠠᠶ ᠮᠠᠯ ᠠᠵᠤ ᠠᠬᠤᠢ ᠲᠠᠷᠢᠶᠠᠯᠠᠩ ᠤ᠋ᠨ ᠳᠠᠭᠠᠳᠬᠠᠯ ᠤ᠋ᠨ ᠰᠢᠰᠲ᠋ᠧᠮ ᠢ᠋ ᠪᠠᠶ᠋ᠢᠭᠤᠯᠪᠠ᠃ ᠲᠥᠪ ᠦ᠋ᠨ ᠳᠠᠭᠠᠳᠬᠠᠯ ᠤ᠋ᠨ ᠲᠦᠷᠦᠯ ᠵᠦᠢᠯ ᠳ᠋ᠤ᠌ ᠡᠷᠳᠡᠨᠢ ᠰᠢᠰᠢ᠂ ᠪᠣᠭᠣᠳᠠᠶ᠂ ᠰᠠᠭᠠᠯᠢ ᠢ᠋ᠢᠨ ᠦᠨᠢᠶ᠎ᠡ᠂ ᠣᠶ ᠰᠢᠭᠤᠶ ᠵᠡᠷᠭᠡ 28 ᠵᠦᠢᠯ ᠢ᠋ ᠬᠠᠮᠤᠷᠴᠤ᠂ ᠣᠷᠣᠨ ᠨᠤᠲᠤᠭ ᠤ᠋ᠨ ᠦᠪᠡᠷᠮᠢᠴᠡ ᠤᠨᠴᠠᠯᠢᠬ ᠲᠠᠢ ᠲᠠᠪᠠᠭᠤᠯᠢᠭᠳᠤ ᠠᠵᠤ ᠦᠢᠯᠡᠰ ᠤ᠋ᠨ ᠳᠠᠭᠠᠳᠬᠠᠯ ᠤ᠋ᠨ ᠲᠥᠷᠥᠯ ᠵᠦᠢᠯ ᠳ᠋ᠤ᠌ ᠨᠤᠳᠤᠭ ᠪᠡᠯᠴᠢᠬᠡᠷ᠂ ᠮᠢᠬᠠᠨ ᠤ᠋ ᠦᠬᠡᠷ᠂ ᠮᠢᠬᠠᠨ ᠤ᠋ ᠬᠣᠨᠢ᠂ ᠰᠠᠭᠠᠯᠢ ᠢ᠋ᠢᠨ ᠢᠮᠠᠭ᠎ᠠ᠂ ᠲᠦᠬᠦᠬᠡᠢ ᠰᠦ᠋ ᠵᠡᠷᠭᠡ 12 ᠵᠦᠢᠯ ᠢ᠋ ᠬᠠᠮᠤᠷᠪᠠ᠃
《 ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ ᠳ᠋ᠤ᠂ ᠪᠥᠬᠥ᠌ ᠣᠷᠣᠨ ᠤ᠋ ᠮᠠᠯ ᠠᠵᠤ ᠠᠬᠤᠢ ᠲᠠᠷᠢᠶᠠᠯᠠᠩ ᠤ᠋ᠨ ᠳᠠᠭᠠᠳᠬᠠᠯ ᠤ᠋ᠨ ᠵᠠᠷᠤᠳᠠᠯ ᠤ᠋ᠨ ᠬᠡᠪᠴᠢᠶ᠎ᠡ ᠨᠢ 2021 ᠣᠨ ᠳ᠋ᠤ 50.9 ᠳ᠋ᠦᠩᠰᠢᠭᠤᠷ ᠲᠥᠭᠥᠷᠢᠭ ᠪᠠᠶ᠋ᠢᠭᠰᠠᠨ ᠡᠴᠡ ᠪᠡᠨ 2025 ᠣᠨ ᠪᠤᠯᠬᠤ ᠳ᠋ᠤ᠌ 82.07 ᠳ᠋ᠦᠩᠰᠢᠭᠤᠷ ᠲᠥᠭᠥᠷᠢᠭ ᠪᠣᠯᠤᠨ ᠨᠡᠮᠡᠭᠳᠡᠵᠦ᠍᠂ ᠵᠢᠯ ᠳᠤᠮᠳᠠᠴᠢ ᠪᠠᠷ 10.02% ᠢ᠋ᠢᠡᠷ ᠨᠡᠮᠡᠭᠳᠡᠨ᠂ ᠪᠥᠬᠥ᠌ ᠤᠯᠤᠰ ᠤ᠋ᠨ ᠡᠮᠦᠨ᠎ᠠ ᠲᠠᠪᠤ ᠳ᠋ᠤ᠌ ᠵᠢᠭᠰᠠᠵᠠᠢ; ᠲᠥᠪ ᠦ᠋ᠨ ᠡᠳ᠋ ᠦ᠋ᠨ ᠵᠠᠰᠠᠭ ᠡᠴᠡ ᠪᠠᠭᠤᠯᠭᠠᠭᠰᠠᠨ ᠳᠠᠭᠠᠳᠬᠠᠯ ᠤ᠋ᠨ ᠰᠦᠢᠳᠭᠡᠯ ᠤ᠋ᠨ ᠨᠥᠬᠥᠪᠥᠷᠢ 24.26 ᠳ᠋ᠦᠩᠰᠢᠭᠤᠷ ᠲᠥᠭᠥᠷᠢᠭ ᠪᠠᠶ᠋ᠢᠭᠰᠠᠨ ᠡᠴᠡ ᠪᠡᠨ 34.17 ᠳ᠋ᠦᠩᠰᠢᠭᠤᠷ ᠲᠥᠭᠥᠷᠢᠭ ᠪᠤᠯᠤᠨ ᠨᠡᠮᠡᠭᠳᠡᠵᠤ᠂ ᠵᠢᠯ ᠳᠤᠮᠳᠠᠴᠢ ᠪᠠᠷ 7.09 % ᠪᠡᠷ ᠨᠡᠮᠡᠭᠳᠡᠨ᠂ ᠨᠡᠢᠳᠡᠮ ᠳ᠋ᠡᠬᠡᠨ ᠪᠦᠬᠦ᠌ ᠤᠯᠤᠰ ᠤ᠋ᠨ ᠡᠮᠦᠨ᠎ᠠ ᠭᠤᠷᠪᠠ ᠳ᠋ᠤ ᠵᠢᠭᠰᠠᠪᠠ; ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ ᠤ᠋ ᠡᠳ᠋ ᠦ᠋ᠨ ᠵᠠᠰᠠᠭ ᠡᠴᠡ ᠮᠠᠯ ᠠᠵᠤ ᠠᠬᠤᠢ ᠲᠠᠷᠢᠶᠠᠯᠠᠩ ᠤ᠋ᠨ ᠳᠠᠭᠠᠳᠬᠠᠯ ᠤ᠋ᠨ ᠨᠥᠬᠥᠪᠥᠷᠢ ᠢ᠋ᠢ 18.58 ᠳ᠋ᠦᠨᠭᠰᠢᠭᠤᠷ ᠲᠥᠭᠥᠷᠢᠭ ᠲᠣᠬᠢᠷᠠᠭᠤᠯᠵᠤ ᠪᠠᠶ᠋ᠢᠭᠰᠠᠨ ᠡᠴᠡ ᠪᠡᠨ 35.31 ᠳ᠋ᠦᠨᠭᠰᠢᠭᠤᠷ ᠲᠥᠭᠥᠷᠢᠭ ᠪᠣᠯᠭᠠᠨ ᠨᠡᠮᠡᠭᠳᠡᠭᠦᠯᠵᠦ᠍᠂ ᠮᠠᠯᠴᠢᠨ ᠲᠠᠷᠢᠶᠠᠴᠢᠨ ᠳ᠋ᠤ᠌ ᠦᠨᠡᠨ ᠪᠤᠳᠠᠳᠠᠢ ᠠᠰᠢᠭ ᠬᠦᠷᠳᠡᠭᠡᠭᠰᠡᠨ ᠪᠠᠢᠨ᠎ᠠ᠃
ᠲᠥᠯᠥᠪᠦᠷᠢ ᠤᠯᠭᠤᠪᠠᠯ ᠵᠣᠬᠢᠬᠤ ᠳ᠋ᠤᠨᠢ ᠴᠦᠮ ᠲᠦᠯᠦᠪᠤᠷᠢ ᠤᠯᠭᠤᠪᠠ
ᠨᠢᠳᠤᠨᠤᠨ ᠪᠠᠶᠠᠨᠨᠠᠭᠤᠷ ᠬᠣᠲᠠ ᠪᠤᠯᠤᠨ ᠬᠥᠬᠡᠬᠣᠲᠠ ᠵᠡᠷᠭᠡ ᠭᠠᠵᠠᠷ ᠰᠢᠷᠦᠭᠦᠨ ᠪᠤᠷᠤᠭᠠᠨ ᠦᠶᠡᠷ ᠤᠰᠤᠲᠤᠯ ᠤ᠋ᠨ ᠭᠠᠮᠰᠢᠭ ᠲᠤ᠌ ᠳᠠᠭᠠᠷᠢᠭᠳᠠᠭᠰᠠᠨ ᠳ᠋ᠤ ᠥᠪᠡᠷᠲᠡᠭᠡᠨ ᠵᠠᠰᠠᠬᠤ ᠣᠷᠣᠨ ᠤ᠋ ᠡᠳ᠋ ᠦ᠋ᠨ ᠵᠠᠰᠠᠭ ᠤ᠋ᠨ ᠲᠢᠩᠬᠢᠮ ᠡᠴᠡ ᠳᠠᠭᠠᠳᠬᠠᠯ ᠢ᠋ ᠬᠠᠷᠢᠭᠤᠴᠠᠭᠰᠠᠨ ᠪᠠᠶ᠋ᠢᠭᠤᠯᠤᠮᠵᠢ ᠢ᠋ᠢ ᠵᠢᠯᠤᠭᠤᠳᠤᠨ ᠶᠡᠬᠡ ᠭᠠᠮᠰᠢᠭ ᠤ᠋ᠨ ᠪᠡᠯᠡᠳᠬᠡᠯ ᠮᠥᠩᠭᠥ᠌ ᠪᠣᠯᠤᠨ ᠭᠠᠮᠰᠢᠭ ᠢ᠋ ᠰᠡᠷᠭᠡᠶ᠋ᠢᠯᠡᠵᠦ᠍ ᠬᠣᠬᠢᠷᠠᠯ ᠢ᠋ ᠪᠠᠭᠠᠰᠬᠠᠬᠤ ᠪᠡᠯᠡ ᠮᠥᠩᠭᠥ ᠢ᠋ᠢ ᠬᠦᠢᠴᠡᠳ ᠠᠰᠢᠭᠯᠠᠨ᠂ ᠰᠠᠭᠠᠳ ᠦᠭᠡᠢ ᠪᠡᠷ ᠲᠦᠯᠦᠪᠤᠷᠢ ᠤᠯᠭᠤᠬᠤ ᠵᠠᠮ ᠢ᠋ ᠨᠡᠪᠳᠡᠷᠡᠭᠦᠯᠵᠦ᠂ ᠲᠥᠯᠥᠪᠦᠷᠢ ᠤᠯᠭᠤᠪᠠᠯ ᠵᠣᠬᠢᠬᠤ ᠳ᠋ᠤᠨᠢ ᠴᠦᠮ ᠲᠦᠯᠦᠪᠤᠷᠢ ᠤᠯᠭᠤᠪᠠ᠃
2025 ᠤᠨ ᠳ᠋ᠤ᠂ ᠪᠦᠬᠦ ᠤᠷᠤᠨ ᠶ᠋ᠢᠡᠷ ᠶ᠋ᠢᠡᠨ ᠮᠠᠯᠴᠢᠨ ᠲᠠᠷᠢᠶᠠᠴᠢᠨ ᠳ᠋ᠤ ᠨᠡᠢᠳᠡ 51.66 ᠳ᠋ᠦᠩᠰᠢᠭᠤᠷ ᠲᠥᠭᠥᠷᠢᠭ ᠤ᠋ᠨ ᠲᠦᠯᠦᠪᠤᠷᠢ ᠤᠯᠭᠤᠵᠤ᠂ ᠭᠠᠮᠰᠢᠭ ᠲᠦ᠍ ᠤᠴᠠᠷᠠᠭᠰᠠᠨ 172.3 ᠲᠦᠮᠡᠨ ᠮᠠᠯᠵᠢᠬᠤ ᠲᠠᠷᠢᠶᠠᠯᠠᠬᠤ ᠡᠷᠦᠬᠡ ᠳ᠋ᠤ ᠠᠰᠢᠭ ᠬᠦᠷᠳᠡᠭᠡᠪᠡ᠃ ᠡᠭᠦᠨ ᠤ᠋ ᠬᠠᠮᠲᠤ᠌᠂ ᠦᠪᠡᠷᠳᠡᠭᠡᠨ ᠵᠠᠰᠠᠬᠤ ᠤᠷᠤᠨ ᠡᠴᠡ ᠪᠠᠰᠠ ᠳᠠᠭᠠᠳᠬᠠᠯ ᠢ᠋ ᠬᠠᠷᠢᠭᠤᠴᠠᠬᠤ ᠪᠠᠶ᠋ᠢᠭᠤᠯᠤᠮᠵᠢ ᠢ᠋ᠢᠨ ᠬᠢᠨ ᠨᠡᠶ᠋ᠢᠭᠡᠮ ᠦ᠋ᠨ ᠬᠠᠷᠢᠭᠤᠴᠠᠯᠭ᠎ᠠ ᠪᠡᠨ ᠰᠠᠨᠠᠭᠠᠴᠢᠯᠠᠭ᠎ᠠ ᠡᠴᠡ ᠪᠡᠨ ᠡᠭᠦᠷᠭᠡᠯᠡᠬᠦ᠌ ᠢ᠋ᠢ ᠵᠣᠷᠢᠭᠵᠢᠭᠤᠯᠵᠤ᠂ ᠭᠠᠮᠰᠢᠭ ᠢ᠋ ᠰᠡᠷᠭᠡᠶ᠋ᠢᠯᠡᠵᠦ᠍ ᠬᠣᠬᠢᠷᠠᠯ ᠢ᠋ ᠪᠠᠭᠠᠰᠬᠠᠬᠤ ᠪᠠᠯᠠ ᠮᠥᠩᠭᠥ ᠢ᠋ᠢ ᠣᠯᠠᠨ ᠡᠰᠢᠵᠢᠬᠦᠯᠦᠨ ᠤᠷᠤᠭᠤᠯᠬᠤ᠂ ᠦᠶᠡᠷ ᠢ᠋ ᠰᠡᠷᠭᠡᠶ᠋ᠢᠯᠡᠵᠦ᠍ ᠭᠠᠮᠰᠢᠭ ᠡᠴᠡ ᠠᠪᠤᠷᠠᠬᠤ ᠡᠳ᠋ ᠪᠣᠳᠠᠰ ᠢ᠋ ᠬᠠᠨᠳᠢᠪᠯᠠᠨ ᠬᠦᠷᠭᠡᠬᠦ᠂ ᠪᠣᠷᠣᠯᠠᠭᠤᠯᠭ᠎ᠠ ᠠᠨᠠᠢ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠬᠦᠨ ᠢ᠋ ᠬᠤᠳᠠᠯᠳᠤᠨ ᠠᠪᠬᠤ ᠵᠡᠷᠭᠡ ᠠᠷᠭ᠎ᠠ ᠪᠡᠷ ᠡᠯ᠎ᠠ ᠵᠦᠢᠯ ᠤ᠋ᠨ ᠭᠠᠮᠰᠢᠭ ᠢ᠋ ᠯᠠᠪᠳᠠᠭᠤᠨ ᠢ᠋ᠢᠡᠷ ᠠᠷᠭᠠᠴᠠᠭᠠᠬᠤ ᠢ᠋ᠢ ᠦᠨᠡᠨ ᠬᠦ᠌ ᠪᠠᠳᠤᠯᠠᠭᠰᠠᠨ ᠪᠠᠢᠨ᠎ᠠ᠃
ᠤᠨᠴᠠᠯᠢᠭᠳᠤ ᠠᠵᠤ ᠦᠢᠯᠡᠰ ᠤ᠋ᠨ ᠬᠦᠭᠵᠢᠯᠳᠡ ᠳ᠋ᠤ ᠡᠷᠴᠢᠮᠳᠠᠢ ᠪᠠᠳᠤᠯᠠᠭ᠎ᠠ ᠬᠠᠩᠭᠠᠪᠠ
ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠡ ᠲᠠᠷᠢᠶᠠᠯᠠᠨᠭ᠌ ᠤ᠋ᠨ ᠪᠦᠲᠦᠭᠡᠭᠳᠡᠬᠦᠨ ᠤ᠋ ᠤᠢᠯᠡᠳᠪᠤᠷᠢᠯᠡᠯ ᠤ᠋ᠨ ᠰᠠᠭᠤᠷᠢᠨ ᠢ᠋ ᠪᠥᠲᠥᠭᠡᠨ ᠪᠠᠶ᠋ᠢᠭᠤᠯᠬᠤ ᠲᠣᠭᠣᠷᠢᠨ ᠳ᠋ᠤ᠂ ᠥᠪᠡᠷᠲᠡᠭᠡᠨ ᠵᠠᠰᠠᠬᠤ ᠣᠷᠣᠨ ᠤ᠋ ᠡᠯ᠎ᠡ ᠱᠠᠲᠤᠨ ᠤ᠋ ᠡᠳ᠋ ᠦ᠋ᠨ ᠵᠠᠰᠠᠭ ᠡᠴᠡ ᠣᠷᠣᠨ ᠨᠤᠲᠤᠭ ᠤ᠋ᠨ ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠮᠠᠯ ᠤ᠋ᠨ ᠠᠰᠢᠭ ᠰᠢᠮ᠎ᠡ ᠲᠠᠷᠢᠶᠠᠯᠠᠨᠭ᠌ ᠤ᠋ᠨ ᠪᠦᠲᠦᠭᠡᠭᠳᠡᠬᠦᠨ ᠤ᠋ ᠣᠯᠠᠨ ᠵᠦᠢᠯ ᠤ᠋ᠨ ᠳᠠᠭᠠᠳᠬᠠᠯ ᠢ᠋ ᠲᠤᠬᠢᠷᠠᠭᠤᠯᠪᠠ᠃ ᠡᠭᠦᠨ ᠳ᠋ᠤ ᠮᠢᠬᠠᠨ ᠤ᠋ ᠦᠬᠡᠷ᠂ ᠮᠢᠬᠠᠨ ᠤ᠋ ᠬᠣᠨᠢ ᠵᠢᠨ ᠳᠠᠭᠠᠳᠬᠠᠯ ᠤ᠋ᠨ ᠲᠤᠷᠰᠢᠯᠲᠠ ᠢ᠋ᠢᠨ ᠴᠡᠭ ᠤ᠋ᠨ ᠬᠠᠮᠤᠷᠬᠤ ᠬᠡᠪᠴᠢᠶ᠎ᠡ ᠢ᠋ᠢ ᠲᠠᠰᠤᠷᠠᠯᠲᠠ ᠥᠬᠡᠶ ᠥᠷᠭᠡᠳᠬᠡᠵᠦ᠍᠂ ᠣᠳᠣᠬᠠᠨ ᠪᠤᠯᠳᠠᠯ᠎ᠠ ᠨᠢᠭᠡᠨᠲᠡ ᠭᠤᠤᠯ ᠭᠠᠷᠤᠯᠲᠠ ᠢ᠋ᠢᠨ ᠣᠷᠣᠨ ᠢ᠋ ᠪᠦᠬᠦᠨ ᠢ᠋ ᠬᠠᠮᠤᠷᠴᠤ᠌᠂ ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠡ ᠲᠠᠷᠢᠶᠠᠯᠠᠨᠭ᠌ ᠤ᠋ᠨ ᠪᠦᠲᠦᠭᠡᠭᠳᠡᠬᠦᠨ ᠤ᠋ ᠤᠢᠯᠡᠳᠪᠤᠷᠢᠯᠡᠯ ᠤ᠋ᠨ ᠰᠠᠭᠤᠷᠢᠨ ᠤ᠋ ᠪᠥᠲᠥᠭᠡᠨ ᠪᠠᠶ᠋ᠢᠭᠤᠯᠤᠯᠲᠠ ᠳ᠋ᠤ ᠡᠷᠴᠢᠮᠳᠠᠢ ᠦᠢᠯᠡᠴᠢᠯᠡᠭᠡ ᠬᠠᠩᠭᠠᠵᠤ ᠪᠠᠶ᠋ᠢᠨ᠎ᠠ᠃
ᠬᠥᠯᠥᠨ ᠪᠣᠶ᠋ᠢᠷ ᠬᠣᠲᠠ ᠪᠠ ᠬᠢᠩᠭᠠᠨ ᠠᠶ᠋ᠢᠮᠠᠭ ᠲᠤ᠌ ᠲᠦᠬᠦᠬᠡᠢ ᠰᠦ᠋ ᠢ᠋ᠢᠨ ᠳᠠᠭᠠᠳᠬᠠᠯ ᠢ᠋ ᠳᠡᠯᠭᠡᠷᠡᠭᠦᠯᠵᠦ᠂ ᠬᠥᠬᠡᠬᠣᠲᠠ ᠳ᠋ᠤ ᠰᠠᠭᠠᠯᠢ ᠢ᠋ᠢᠨ ᠢᠮᠠᠭᠠᠨ ᠤ᠋ ᠳᠠᠭᠠᠳᠬᠠᠯ ᠢ᠋ ᠳᠡᠯᠭᠡᠷᠡᠭᠦᠯᠦᠨ᠂ 《 ᠰᠦ᠋ ᠢ᠋ᠢᠨ ᠤᠢᠯᠡᠰ ᠢ᠋ ᠬᠥᠭᠵᠢᠭᠦᠯᠦᠨ ᠮᠠᠨᠳᠤᠭᠤᠯᠬᠤ 》 ᠪᠠᠶ᠋ᠢᠯᠳᠤᠬᠤ ᠪᠣᠳᠣᠯᠭ᠎ᠠ ᠪᠤᠯᠤᠨ ᠰᠦ᠋ ᠢ᠋ᠢᠨ ᠦᠢᠯᠡᠰ ᠤ᠋ᠨ ᠴᠢᠬᠤᠯᠠ ᠠᠵᠤ ᠤᠢᠯᠡᠰ ᠦ᠋ᠨ ᠪᠦᠰᠡ ᠢ᠋ᠢᠨ ᠪᠥᠲᠥᠭᠡᠨ ᠪᠠᠶ᠋ᠢᠭᠤᠯᠤᠯᠲᠠ ᠳ᠋ᠤ ᠨᠠᠷᠢᠨ ᠣᠨᠣᠴᠠᠳᠠᠢ ᠤᠢᠯᠡᠴᠢᠯᠡᠭᠡ ᠬᠠᠩᠭᠠᠪᠠ ᠃ ᠡᠭᠦᠨ ᠤ᠋ ᠬᠠᠮᠳᠤ ᠲᠥᠷᠥ ᠢ᠋ᠢᠨ ᠪᠣᠳᠣᠯᠭ᠎ᠠ ᠢ᠋ᠢᠨ ᠴᠢᠨᠠᠷᠲᠠᠶ ᠨᠤᠲᠤᠭ ᠪᠡᠯᠴᠢᠭᠡᠷ ᠦ᠋ᠨ ᠳᠠᠭᠠᠳᠬᠠᠯ ᠢ᠋ ᠲᠦᠷᠦᠭᠦᠯᠡᠨ ᠡᠭᠦᠳᠤᠨ ᠬᠡᠷᠡᠭᠵᠢᠬᠦᠯᠵᠤ᠂《ᠤᠮᠠᠷᠠᠳᠤ ᠢ᠋ᠢᠨ ᠭᠤᠷᠪᠡᠨ ᠤᠷᠤᠨ 》 ᠤ᠋ ᠢᠨᠵᠧᠨᠧᠷᠢᠩ ᠦ᠋ᠨ ᠪᠤᠭᠤᠮᠳᠠ ᠰᠢᠪᠳᠤᠯᠬᠤ ᠳᠠᠶ᠋ᠢᠯᠠᠯᠳᠤᠭᠠᠨ ᠪᠣᠯᠤᠨ ᠭᠤᠷᠪᠠᠨ ᠶᠡᠬᠡ ᠪᠡᠯᠭᠡ ᠲᠡᠮᠳᠡᠭ ᠦ᠋ᠨ ᠴᠢᠨᠠᠷᠲᠠᠶ ᠳᠠᠶ᠋ᠢᠯᠠᠯᠳᠤᠭᠠᠨ ᠢ᠋ ᠰᠠᠶ᠋ᠢᠲᠤᠷ ᠬᠢᠵᠦ᠍ ᠢᠯᠠᠯᠲᠠ ᠤᠯᠬᠤ ᠳ᠋ᠤ ᠬᠦᠴᠦᠨ ᠨᠡᠮᠡᠷᠢᠯᠡᠵᠠᠢ᠃ 2025 ᠣᠨ ᠳ᠋ᠤ᠂ ᠪᠥᠬᠥ᠌ ᠣᠷᠣᠨ ᠤ᠋ ᠡᠯ᠎ᠡ ᠱᠠᠲᠤᠨ ᠤ᠋ ᠡᠳ᠋ ᠦ᠋ᠨ ᠵᠠᠰᠠᠭ ᠤ᠋ᠨ ᠰᠠᠯᠠᠭ᠎ᠠ ᠮᠥᠴᠢᠷ ᠤᠷᠤᠨ ᠨᠤᠳᠤᠭ ᠤ᠋ᠨ ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠠᠵᠤ ᠦᠢᠯᠡᠰ ᠤ᠋ᠨ ᠳᠠᠭᠠᠳᠬᠠᠯ ᠤ᠋ᠨ ᠲᠥᠷᠥᠯ ᠵᠦᠢᠯ ᠳ᠋ᠤ ᠨᠡᠢᠳᠡ 4.64 ᠳ᠋ᠦᠩᠰᠢᠭᠤᠷ ᠲᠥᠭᠥᠷᠢᠭ ᠤ᠋ᠨ ᠨᠦᠬᠦᠪᠤᠷᠢ ᠮᠦᠩᠬᠦ ᠤᠯᠭᠤᠵᠤ᠂ ᠣᠷᠣᠨ ᠨᠤᠲᠤᠭ ᠤ᠋ᠨ ᠤᠨᠴᠠᠯᠢᠭᠳᠤ ᠠᠵᠤ ᠦᠢᠯᠡᠰ ᠦ᠋ᠨ ᠠᠭᠤᠰᠤᠯᠴᠠᠨ ᠬᠥᠭᠵᠢᠬᠦ᠌ ᠢ᠋ᠢ ᠬᠦᠴᠦᠲᠡᠶ ᠠᠬᠢᠭᠤᠯᠪᠠ᠃
ᠳᠠᠭᠠᠳᠬᠠᠯ ᠤ᠋ᠨ ᠬᠦᠰᠢᠭᠦᠷᠭᠡ ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠪᠠ
ᠥᠪᠡᠷᠲᠡᠭᠡᠨ ᠵᠠᠰᠠᠬᠤ ᠣᠷᠣᠨ ᠤ᠋ ᠡᠳ᠋ ᠦ᠋ᠨ ᠵᠠᠰᠠᠭ ᠤ᠋ᠨ ᠲᠢᠩᠬᠢᠮ ᠮᠠᠯ ᠠᠵᠤ ᠠᠬᠤᠢ ᠲᠠᠷᠢᠶᠠᠯᠠᠩ ᠤ᠋ᠨ ᠳᠠᠭᠠᠳᠬᠠᠯ ᠢ᠋ᠢᠡᠷ ᠭᠠᠷᠳᠠᠴᠠ ᠪᠣᠯᠭᠠᠨ ᠨᠠᠩ ᠣᠯᠠᠨ ᠮᠥᠩᠭᠥᠨ ᠬᠦᠢᠯᠬᠡᠬᠡᠨ ᠤ᠋ ᠡᠬᠢ ᠪᠠᠶᠠᠯᠢᠭ ᠢ᠋ ᠳᠠᠢᠴᠢᠯᠠᠵᠤ᠂ ᠡᠳ᠋ ᠦ᠋ᠨ ᠵᠠᠰᠠᠭ ᠮᠥᠩᠭᠥᠨ ᠬᠦᠢᠯᠬᠡᠬᠡᠨ ᠢ᠋ ᠬᠠᠮᠵᠢᠯᠴᠠᠭᠤᠯᠤᠨ᠂ ᠲᠦᠷᠦ ᠶ᠋ᠢᠨ ᠪᠤᠳᠤᠯᠭ᠎ᠠ ᠶ᠋ᠢᠨ ᠴᠢᠨᠠᠷᠳᠠᠢ ᠳᠠᠭᠠᠳᠬᠠᠯ ᠤ᠋ᠨ ᠬᠦᠰᠢᠭᠦᠷᠭᠡ ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠪᠠ ᠃ ᠡᠭᠦᠨ ᠳ᠋ᠤ᠂ ᠳᠠᠭᠠᠳᠬᠠᠯ ᠤ᠋ᠨ ᠪᠠᠶ᠋ᠢᠭᠤᠯᠤᠮᠵᠢ ᠮᠠᠯ ᠠᠵᠤ ᠠᠬᠤᠢ ᠲᠠᠷᠢᠶᠠᠯᠠᠩ ᠤ᠋ᠨ ᠳᠠᠭᠠᠳᠬᠠᠯ ᠢ᠋ ᠦᠨᠳᠦᠰᠦᠯᠡᠨ ᠪᠠᠯᠠ ᠬᠤᠷᠠᠮᠳᠤᠭᠤᠯᠬᠤ ᠢᠳᠡᠭᠡᠮᠵᠢᠳᠦ ᠵᠢᠭᠡᠯᠡᠯᠭᠡ ᠶ᠋ᠢᠨ ᠬᠡᠮᠵᠢᠶ᠎ᠠ ᠶ᠋ᠢ ᠨᠡᠮᠡᠭᠳᠡᠭᠦᠯᠬᠦ᠌ ᠢ᠋ᠢ ᠵᠣᠷᠢᠭᠵᠢᠭᠤᠯᠵᠤ᠂ 《 ᠳᠠᠭᠠᠳᠬᠠᠯ ᠳ᠋ᠤ ᠣᠷᠣᠪᠠᠯ ᠳᠠᠷᠤᠢ ᠢᠳᠡᠭᠡᠮᠵᠢᠳᠦ ᠵᠢᠭᠡᠯᠡᠯᠭᠡ ᠣᠯᠭᠣᠬᠤ᠂ ᠳᠠᠭᠠᠳᠬᠠᠯ ᠤ᠋ᠨ ᠬᠠᠭᠤᠳᠠᠰᠤ ᠪᠡᠷ ᠭᠡᠷᠡᠴᠢ ᠪᠠᠷᠢᠮᠲᠠ ᠪᠤᠯᠭᠠᠬᠤ 》 ᠮᠥᠩᠭᠥᠨ ᠬᠦᠢᠯᠬᠡᠭᠡᠨ ᠵᠢᠡᠷ ᠮᠠᠯ ᠠᠵᠤ ᠠᠬᠤᠢ ᠲᠠᠷᠢᠶᠠᠯᠠᠩ ᠢ᠋ ᠳᠡᠮᠵᠢᠬᠦ᠌ ᠬᠠᠮᠲᠤᠷᠠᠯᠴᠠᠭᠠᠨ ᠤ᠋ ᠵᠠᠭᠪᠤᠷ ᠢ᠋ ᠪᠠᠶ᠋ᠢᠭᠤᠯᠪᠠ᠃
ᠣᠳᠣᠬᠠᠨ ᠪᠤᠯᠳᠠᠯ᠎ᠠ ᠮᠠᠨ ᠤ᠋ ᠤᠷᠤᠨ ᠳᠠᠭᠠᠳᠬᠠᠯ ᠳ᠋ᠤ ᠣᠷᠣᠯᠴᠠᠭᠰᠠᠨ ᠰᠠᠭᠠᠯᠢ ᠢ᠋ᠢᠨ ᠦᠨᠢᠶ᠎ᠡ᠂ ᠲᠡᠮᠡᠭᠡ᠂ ᠡᠷᠳᠡᠨᠢ ᠰᠢᠰᠢ᠂ ᠰᠢᠷ᠎ᠠ ᠪᠤᠷᠴᠠᠭ᠂ ᠳᠤᠯᠠᠭᠠᠨ ᠬᠦᠯᠡᠮᠵᠢ ᠵᠡᠷᠭᠡ ᠣᠯᠠᠨ ᠲᠥᠷᠥᠯ ᠦ᠋ᠨ ᠳᠠᠷᠢᠵᠤ ᠲᠡᠵᠢᠭᠡᠬᠦ᠌ ᠭᠤᠤᠯ ᠴᠣᠭᠴᠠ ᠳ᠋ᠤ 34 ᠳ᠋ᠦᠩᠰᠢᠭᠤᠷ ᠲᠥᠭᠥᠷᠢᠭ ᠰᠢᠬᠠᠮ ᠦ᠋ᠨ ᠢᠲᠡᠭᠡᠮᠵᠢᠲᠦ᠍ ᠵᠢᠭᠡᠯᠡᠯᠭᠡ ᠢ᠋ᠢᠨ ᠪᠠᠯᠠ ᠮᠥᠩᠭᠥ᠌ ᠲᠠᠷᠬᠠᠭᠠᠭᠰᠠᠨ ᠪᠠᠢᠨ᠎ᠠ᠃ ᠡᠭᠦᠨᠦ ᠬᠠᠮᠲᠤ᠌᠂ ᠮᠠᠯ ᠠᠵᠤ ᠠᠬᠤᠶ ᠲᠠᠷᠢᠶᠠᠯᠠᠨᠭ᠌ ᠤ᠋ᠨ ᠪᠠᠯᠠ ᠬᠤᠷᠠᠮᠳᠤᠭᠤᠯᠭ᠎ᠠ ᠢ᠋ᠢᠨ ᠪᠠᠳᠤᠯᠠᠭ᠎ᠠ ᠢ᠋ᠢᠨ ᠤᠢᠯᠡᠴᠢᠯᠡᠬᠡ ᠢ᠋ᠢ ᠴᠢᠩᠭᠠᠳᠬᠠᠵᠤ᠂ 2025 ᠣᠨ ᠳ᠋ᠤ 119.41 ᠳ᠋ᠦᠩᠰᠢᠭᠤᠷ ᠲᠥᠭᠥᠷᠢᠭ ᠤ᠋ᠨ ᠪᠠᠳᠤᠯᠠᠭ᠎ᠠ ᠶ᠋ᠢᠨ ᠮᠦᠩᠬᠦ ᠶ᠋ᠢ ᠰᠢᠨ᠎ᠡ ᠪᠡᠷ ᠨᠡᠮᠡᠭᠳᠡᠭᠦᠯᠦᠨ᠂ ᠪᠠᠳᠤᠯᠠᠭ᠎ᠠ ᠶ᠋ᠢᠨ ᠮᠦᠩᠬᠦᠨ ᠤ᠋ ᠬᠡᠪᠴᠢᠶ᠎ᠠ ᠪᠡᠷ ᠪᠦᠬᠦ ᠤᠯᠤᠰ ᠤ᠋ᠨ ᠮᠠᠯ ᠠᠵᠤ ᠠᠬᠤᠢ ᠲᠠᠷᠢᠶᠠᠯᠠᠩ ᠤ᠋ᠨ ᠳᠠᠭᠠᠳᠬᠠᠯ ᠤ᠋ᠨ ᠲᠤᠳᠤᠷ᠎ᠠ ᠳᠤᠯᠤᠳᠤᠭᠠᠷ ᠲᠤ᠌ ᠵᠢᠭᠰᠠᠵᠤ᠂ ᠮᠠᠯᠵᠢᠬᠤ ᠲᠠᠷᠢᠶᠠᠯᠠᠬᠤ ᠡᠷᠦᠬᠡ ᠢ᠋ᠢᠨ 《 ᠪᠠᠯᠠ ᠬᠤᠷᠠᠮᠳᠤᠭᠤᠯᠬᠤ ᠳ᠋ᠤ ᠬᠦᠴᠢᠷ 》᠂ 《ᠵᠢᠭᠡᠯᠡᠯᠭᠡ ᠤᠯᠬᠤ ᠳ᠋ᠤ ᠬᠦᠴᠢᠷ 》 ᠠᠰᠠᠭᠤᠳᠠᠯ ᠢ᠋ ᠪᠦᠲᠦᠮᠵᠢᠲᠡᠶ ᠨᠠᠮᠳᠠᠭᠤᠯᠪᠡ᠃
ᠦᠪᠡᠷᠳᠡᠭᠡᠨ ᠵᠠᠰᠠᠬᠤ ᠤᠷᠤᠨ ᠡᠴᠡ ᠪᠠᠰᠠ《ᠮᠠᠯ ᠠᠵᠤ ᠠᠬᠤᠢ ᠲᠠᠷᠢᠶᠠᠯᠠᠩ ᠤ᠋ᠨ ᠳᠠᠭᠠᠳᠬᠠᠯ ᠤ᠋ᠨ ᠨᠥᠬᠥᠪᠥᠷᠢ ᠬᠢᠭᠡᠳ ᠬᠠᠮᠢᠶᠠᠷᠤᠯᠲᠠ ᠢ᠋ᠢᠨ ᠮᠡᠳᠡᠭᠡ ᠵᠠᠩᠭᠢ ᠢ᠋ᠢᠨ ᠲᠠᠪᠴᠠᠩ 》 ᠢ᠋ ᠪᠠᠶ᠋ᠢᠭᠤᠯᠵᠤ ᠂ ᠲᠥᠷᠥ ᠢ᠋ᠢᠨ ᠪᠣᠳᠣᠯᠭ᠎ᠠ ᠢ᠋ᠢᠨ ᠴᠢᠨᠠᠷᠲᠠᠶ ᠮᠠᠯ ᠠᠵᠤ ᠠᠬᠤᠢ ᠲᠠᠷᠢᠶᠠᠯᠠᠩ ᠤ᠋ᠨ ᠳᠠᠭᠠᠳᠬᠠᠯ ᠤ᠋ᠨ ᠬᠠᠮᠢᠶᠠᠷᠤᠯᠲᠠ ᠳ᠋ᠤ᠌ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠦᠴᠦᠨ ᠨᠡᠮᠡᠷᠢᠯᠡᠵᠠᠢ᠃ ᠲᠤᠰ ᠲᠠᠪᠴᠠᠩ ᠨᠢ ᠵᠢᠯ ᠪᠦᠷᠢ ᠪᠥᠬᠥ᠌ ᠣᠷᠣᠨ ᠤ᠋ 17 ᠲᠦᠮᠡᠨ ᠬᠤᠪᠢ ᠤᠷᠴᠢᠮ ᠳᠠᠭᠠᠳᠬᠠᠯ ᠤ᠋ᠨ ᠬᠠᠭᠤᠳᠠᠰᠤ ᠢ᠋ᠢᠨ ᠵᠠᠩᠭᠢᠯᠠᠭ᠎ᠠ ᠢ᠋ᠢᠨ ᠮᠡᠳᠡᠭᠡ ᠵᠠᠩᠭᠢ ᠢ᠋ᠢ ᠠᠦ᠋ᠲ᠋ᠤ᠋ ᠪᠡᠷ ᠴᠤᠭᠯᠠᠭᠤᠯᠵᠤ᠂ ᠳᠠᠭᠠᠳᠬᠠᠯ ᠢ᠋ ᠬᠠᠷᠢᠭᠤᠴᠠᠬᠤ ᠪᠠᠶ᠋ᠢᠭᠤᠯᠤᠮᠵᠢ ᠢ᠋ᠢᠨ ᠤᠢᠯᠡᠴᠢᠯᠡᠬᠡᠨ ᠤ᠋ ᠴᠠᠭᠴᠢ ᠴᠢᠨᠠᠷ ᠪᠠ ᠣᠨᠣᠪᠴᠢ ᠢ᠋ᠢᠨ ᠬᠡᠮᠵᠢᠶ᠎ᠡ ᠢ᠋ᠢ ᠴᠠᠭ ᠲᠤᠬᠠᠶ ᠳ᠋ᠤᠨᠢ ᠬᠢᠨᠠᠨ ᠡᠵᠡᠮᠳᠡᠬᠦ ᠶ᠋ᠢᠨ ᠬᠠᠮᠳᠤ ᠳᠠᠭᠠᠳᠬᠠᠯ ᠳ᠋ᠤ ᠤᠷᠤᠯᠴᠠᠨ ᠲᠥᠯᠥᠪᠦᠷᠢ ᠤᠯᠭᠤᠭᠰᠠᠨ ᠪᠠᠢᠳᠠᠯ ᠤ᠋ᠨ ᠬᠤᠪᠢᠷᠠᠯᠳᠠ ᠬᠦᠭᠵᠢᠯᠳᠡ ᠪᠠ ᠪᠠᠢᠷᠢᠰᠢᠯ ᠲᠠᠷᠬᠠᠯᠲᠠ ᠢ᠋ᠢ ᠪᠥᠬᠥ᠌ ᠲᠠᠯ᠎ᠠ ᠪᠠᠷ ᠡᠵᠡᠮᠰᠢᠵᠤ᠂ ᠳᠠᠭᠠᠳᠬᠠᠯ ᠤ᠋ᠨ ᠲᠥᠷᠥᠯ ᠵᠦᠢᠯ ᠦ᠋ᠨ ᠰᠢᠨ᠎ᠡ ᠢ᠋ᠢ ᠡᠭᠦᠳᠬᠦ᠌ ᠪᠠ ᠲᠦᠭᠰᠢᠭᠦᠷᠢ ᠢ᠋ᠢᠨ ᠰᠤᠳᠤᠯᠭᠠᠨ ᠳ᠋ᠤ ᠲᠣᠭ᠎ᠠ ᠪᠠᠷᠢᠮᠲᠠ ᠢ᠋ᠢᠨ ᠳᠡᠮᠵᠢᠯᠭᠡ ᠬᠠᠨᠭᠭᠠᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃