2026-09-14 11:31:26
《ᠬᠠᠮᠠᠭᠠᠯᠠᠯᠳᠠᠵᠢᠨ ᠵᠠᠷᠯᠢᠭ》 ᠨᠢ ᠬᠦᠭᠵᠢᠯᠳᠡ ᠵᠢᠨ ᠬᠦᠯᠢᠶᠡᠰᠦᠯᠡᠯ ᠪᠢᠰᠢ᠂ ᠬᠠᠷᠢᠨ ᠦᠷᠭᠦᠯᠵᠢᠯᠡᠬᠦ ᠬᠥᠭᠵᠢᠯᠲᠡ ᠵᠢᠨ ᠪᠠᠲᠤᠯᠠᠭ᠎ᠠ ᠮᠥᠨ
ᠤᠢᠷ᠎ᠠ ᠵᠢᠨ ᠡᠳᠦᠷ᠂ ᠮᠠᠨᠤ ᠤᠷᠤᠨ 《ᠦᠪᠦᠷ ᠮᠤᠩᠭᠤᠯ ᠤ᠋ᠨ ᠳᠠᠯᠠᠨ ᠬᠠᠷ᠎ᠠ ᠠᠭᠤᠯᠠ ᠵᠢᠨ ᠤᠯᠤᠰ ᠤ᠋ᠨ ᠳᠡᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠬᠠᠤᠯᠢ ᠴᠠᠭᠠᠵᠠ ᠵᠢᠨ ᠬᠠᠮᠠᠭᠠᠯᠠᠯᠲᠠ ᠵᠢᠨ ᠵᠠᠷᠯᠢᠭ》 (ᠲᠤᠤᠷ᠎ᠠ 《ᠬᠠᠮᠠᠭᠠᠯᠠᠯᠳᠠᠵᠢᠨ ᠵᠠᠷᠯᠢᠭ》 ᠭᠡᠵᠤ ᠲᠦᠬᠦᠮᠴᠢᠯᠡᠨ᠎ᠠ) ᠢ᠋ ᠨᠡᠢᠲᠡᠯᠡᠵᠦ᠂ ᠬᠠᠳᠠᠭᠤ ᠴᠢᠩᠭ᠎ᠠ ᠬᠠᠤᠯᠢ ᠴᠠᠭᠠᠵᠠ ᠪᠡᠷ ᠠᠮᠢ ᠠᠬᠤᠢ ᠵᠢᠨ ᠬᠣᠷᠢᠭ᠎ᠠ ᠱᠤᠭᠤᠮ ᠢ᠋ ᠲᠣᠭᠲᠠᠭᠠᠵᠤ᠂ ᠡᠨᠡ ᠬᠦ᠌ ᠠᠮᠢ ᠠᠬᠤᠢ ᠵᠢᠨ ᠬᠠᠯᠬᠠᠪᠴᠢ ᠳ᠋ᠤ 《ᠬᠠᠤᠯᠢ ᠵᠢᠨ ᠬᠠᠮᠠᠭᠠᠯᠠᠯᠲᠠ ᠵᠢᠨ ᠬᠡᠷᠡᠰᠭᠡ》 ᠵᠢ ᠪᠤᠰᠬᠠᠨ ᠦᠭᠴᠠᠢ᠃
ᠮᠤᠨᠢ ᠠᠭᠤᠯᠠ ᠵᠢᠨ ᠳᠤᠮᠳᠠ ᠬᠡᠰᠡᠭ ᠲᠦ᠍ ᠬᠥᠨᠳᠡᠯᠢᠰᠬᠦ ᠳᠠᠯᠠᠨ ᠬᠠᠷ᠎ᠠ ᠠᠭᠤᠯᠠ ᠪᠤᠯ ᠳᠡᠯᠡᠬᠡᠢ ᠵᠢᠨ ᠠᠮᠢᠳᠤ ᠪᠤᠳᠠᠰ ᠤ᠋ᠨ ᠮᠠᠨᠳᠠᠯ ᠤ᠋ᠨ ᠬᠠᠮᠠᠭᠠᠯᠠᠯᠳᠠ ᠵᠢᠨ ᠤᠷᠤᠨ᠂ ᠤᠯᠤᠰ ᠤ᠋ᠨ ᠳᠡᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ᠂ ᠬᠠᠳᠤᠨ ᠭᠤᠤᠯ ᠤ᠋ᠨ ᠶᠡᠭᠡ ᠳᠤᠬᠤᠢ ᠵᠢᠨ ᠤᠷᠤᠨ ᠳ᠋ᠡᠬᠢ ᠤᠰᠤᠨ ᠤ᠋ ᠡᠬᠢ ᠰᠤᠷᠪᠤᠯᠵᠢ ᠵᠢ ᠬᠠᠳᠠᠭᠠᠯᠠᠬᠤ ᠪᠦᠰᠡ ᠪᠣᠯᠬᠤ ᠪᠦᠭᠡᠳ ᠡᠯᠡᠰᠤᠨ ᠰᠢᠭᠤᠷᠭ᠎ᠠ ᠡᠮᠦᠨᠡᠰᠢᠯᠡᠭᠦ ᠵᠢ ᠬᠤᠷᠢᠭᠯᠠᠵᠤ᠂ ᠤᠯᠠᠨ ᠵᠦᠢᠯ ᠤ᠋ᠨ ᠬᠡᠭᠡᠷ᠎ᠡ ᠵᠢᠨ ᠠᠮᠢᠳᠠᠨ ᠤᠷᠭᠤᠮᠠᠯ ᠬᠠᠮᠳᠤ ᠪᠡᠷ ᠤᠷᠤᠰᠢᠭᠰᠠᠨ ᠠᠮᠢᠳᠤ ᠪᠤᠳᠠᠰ ᠤ᠋ᠨ ᠭᠧᠨ ᠤ᠋ ᠬᠦᠮᠦᠷᠭᠡ ᠪᠤᠯᠤᠨ᠎ᠠ᠃ ᠬᠠᠢᠷ ᠴᠢᠯᠠᠭᠤ ᠭᠠᠷᠭᠠᠵᠤ ᠠᠭᠤᠷᠬᠠᠢ ᠮᠠᠯᠲᠠᠬᠤ᠂ ᠳᠦᠷᠢᠮ ᠡᠴᠡ ᠵᠥᠷᠢᠴᠡᠨ ᠮᠠᠯ ᠮᠠᠯᠵᠢᠬᠤ ᠵᠡᠷᠭᠡ ᠠᠵᠢᠯᠯᠠᠭ᠎ᠠ ᠨᠢ ᠠᠭᠤᠯᠠᠨ ᠣᠢ ᠳ᠋ᠤ᠌ ᠠᠮᠢ ᠠᠬᠤᠢ ᠵᠢᠨ ᠰᠢᠷᠬ᠎ᠠ ᠰᠣᠷᠪᠢ ᠵᠢ ᠦᠯᠡᠳᠡᠭᠡᠭᠰᠡᠨ ᠦᠩᠭᠡᠷᠡᠯᠳᠡ ᠳᠡᠦᠭᠡ ᠲᠠᠢ᠃ ᠣᠳᠣᠬᠠᠨ ᠳ᠋ᠤ᠌᠂ ᠡᠨᠡ ᠬᠦ᠌ 《ᠬᠠᠮᠠᠭᠠᠯᠠᠯᠲᠠ ᠵᠢᠨ ᠵᠠᠷᠯᠢᠭ》 ᠨᠢ ᠠᠰᠠᠭᠤᠳᠠᠯ ᠳ᠋ᠤ᠌ ᠰᠢᠭᠤᠳ ᠬᠠᠨᠳᠤᠭᠤᠯᠵᠤ᠂ ᠬᠡᠭᠡᠷ᠎ᠡ ᠵᠢᠨ ᠠᠮᠢᠲᠠᠨ ᠤᠷᠭᠤᠮᠠᠯ ᠢ᠋ ᠬᠠᠮᠢᠶᠠᠷᠴᠤ ᠬᠠᠮᠠᠭᠠᠯᠠᠬᠤ᠂ ᠤᠷᠭᠤᠮᠠᠯ ᠤ᠋ᠨ ᠬᠤᠴᠢᠯᠭ᠎ᠠ ᠵᠢ ᠰᠡᠷᠭᠦᠭᠡᠬᠦ᠂ ᠣᠷᠣᠨ ᠬᠤᠪᠢᠶᠠᠨ ᠬᠠᠮᠢᠶᠠᠷᠤᠨ ᠡᠵᠡᠮᠳᠡᠬᠦ᠂ ᠪᠣᠬᠢᠷᠲᠤᠯ ᠢ᠋ ᠵᠠᠰᠠᠬᠤ ᠳ᠋ᠤ ᠪᠦᠬᠦ ᠲᠠᠯ᠎ᠠ ᠪᠠᠷ ᠬᠣᠷᠢᠭ᠎ᠠ ᠱᠤᠭᠤᠮ ᠢ᠋ ᠲᠣᠳᠣᠷᠬᠠᠢ ᠵᠢᠭᠰᠠᠭᠠᠨ ᠲᠣᠳᠣᠷᠬᠠᠢᠯᠠᠪᠠ᠃
ᠬᠡᠷᠡᠭ ᠤ᠋ᠨ ᠳᠠᠷᠠᠭ᠎ᠠ ᠬᠠᠷᠢᠭᠤᠴᠠᠯᠭ᠎ᠠ ᠨᠡᠬᠡᠮᠵᠢᠯᠡᠬᠦ ᠲᠡᠢ ᠠᠳᠠᠯᠢ ᠦᠭᠡᠢ᠂ ᠳᠤᠰ 《ᠬᠠᠮᠠᠭᠠᠯᠠᠯᠲᠠ ᠵᠢᠨ ᠵᠠᠷᠯᠢᠭ》 ᠲᠤ᠌ ᠰᠡᠷᠭᠡᠢᠯᠡᠬᠦ ᠪᠡᠷ ᠤᠷᠢᠳᠠᠯ ᠪᠣᠯᠭᠠᠬᠤ ᠵᠢ ᠳᠣᠪᠣᠢᠯᠭᠠᠵᠤ᠂ ᠬᠠᠤᠯᠢ ᠴᠠᠭᠠᠵᠠ ᠵᠢᠨ ᠠᠯᠪᠠᠨ ᠵᠠᠷᠯᠠᠯ ᠤ᠋ᠨ ᠬᠡᠯᠪᠡᠷᠢ ᠪᠡᠷ ᠪᠦᠬᠦ ᠨᠡᠢᠭᠡᠮ ᠳ᠋ᠦ᠍ ᠬᠠᠨᠳᠤᠭᠤᠯᠤᠨ ᠬᠦᠯᠢᠶᠡᠰᠦᠯᠡᠭᠦ ᠳᠦᠷᠢᠮ ᠢ᠋ ᠢᠯᠡ ᠨᠡᠢᠲᠡᠯᠡᠵᠦ᠂ ᠠᠵᠤ ᠠᠬᠤᠢᠯᠠᠯ ᠪᠤᠯᠤᠨ ᠣᠯᠠᠨ ᠲᠦᠮᠡᠨ ᠤ᠋ ᠡᠪᠳᠡᠯᠡᠭᠡ ᠵᠢᠨ ᠴᠢᠨᠠᠷᠳᠠᠢ ᠠᠵᠢᠯᠯᠠᠭ᠎ᠠ ᠵᠢ ᠰᠢᠭᠤᠳ ᠬᠤᠷᠢᠭᠯᠠᠵᠠᠢ᠃ 《ᠬᠠᠮᠠᠭᠠᠯᠠᠯᠳᠠᠵᠢᠨ ᠵᠠᠷᠯᠢᠭ》 ᠨᠢ ᠬᠦᠭᠵᠢᠯᠳᠡ ᠵᠢᠨ ᠬᠦᠯᠢᠶᠡᠰᠦᠯᠡᠯ ᠪᠢᠰᠢ᠂ ᠬᠠᠷᠢᠨ ᠦᠷᠭᠦᠯᠵᠢᠯᠡᠬᠦ ᠬᠥᠭᠵᠢᠯᠲᠡ ᠵᠢᠨ ᠪᠠᠲᠤᠯᠠᠭ᠎ᠠ ᠮᠥᠨ᠂ ᠠᠭᠤᠯᠠᠨ ᠣᠢ ᠵᠢᠨ ᠤᠷᠭᠤᠮᠠᠯ ᠤ᠋ᠨ ᠬᠤᠴᠢᠯᠭ᠎ᠠ ᠵᠢ ᠪᠠᠳᠤᠯᠠᠪᠠᠯ ᠰᠠᠶᠢ ᠤᠰᠤᠨ ᠰᠤᠷᠪᠤᠯᠵᠢ ᠵᠢ ᠲᠣᠭᠲᠠᠪᠤᠷᠢᠵᠢᠭᠤᠯᠵᠤ᠂ ᠬᠣᠪᠣᠷ ᠴᠤᠬᠠᠭ ᠠᠷᠢᠶᠠᠲᠠᠨ ᠵᠢᠭᠦᠷᠲᠡᠨ ᠢ᠋ ᠤᠷᠤᠡᠭᠨᠠᠭᠤᠯᠵᠤ ᠴᠢᠳᠠᠨ᠎ᠠ; ᠠᠭᠤᠯᠠᠨ ᠳ᠋ᠤ᠌ ᠤᠷᠤᠬᠤ ᠠᠵᠢᠯᠯᠠᠭ᠎ᠠ ᠵᠢ ᠵᠢᠷᠤᠮᠵᠢᠭᠤᠯᠪᠠᠯ ᠰᠠᠶᠢ ᠠᠮᠢ ᠠᠬᠤᠢ ᠵᠢᠨ ᠬᠠᠮᠠᠭᠠᠯᠠᠯᠲᠠ ᠪᠣᠯᠤᠨ ᠣᠯᠠᠨ ᠲᠦᠮᠡᠨ ᠤ᠋ ᠰᠡᠯᠡᠭᠦᠴᠡᠨ ᠵᠤᠭᠠᠯᠠᠬᠤ ᠱᠠᠭᠠᠷᠳᠠᠯᠭ᠎ᠠ ᠵᠢᠨ ᠲᠡᠩᠴᠡᠭᠦᠷᠢ ᠵᠢ ᠵᠤᠬᠢᠴᠠᠭᠤᠯᠵᠤ ᠲᠠᠢᠯᠤᠨ᠎ᠠ ᠁
ᠳᠠᠯᠠᠨ ᠬᠠᠷ᠎ᠠ ᠠᠭᠤᠯᠠ ᠵᠢᠨ ᠬᠠᠮᠠᠭᠠᠯᠠᠯᠳᠠ ᠳ᠋ᠤ᠌ ᠬᠠᠤᠯᠢ ᠵᠢᠨ ᠪᠠᠳᠤᠯᠠᠭ᠎ᠠ ᠲᠤᠳᠠᠭᠳᠠᠵᠤ ᠪᠤᠯᠤᠰᠢ ᠦᠭᠡᠢ᠃ ᠬᠦᠭᠡᠷᠡᠨ ᠰᠦᠨᠳᠠᠷᠯᠡᠬᠦ ᠳᠠᠯᠠᠨ ᠬᠠᠷ᠎ᠠ ᠠᠭᠤᠯᠠ ᠪᠠᠨ ᠰᠠᠢᠳᠤᠷ ᠬᠠᠮᠠᠭᠠᠯᠠᠪᠠᠯ ᠰᠠᠶᠢ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠨᠠᠡᠭ ᠪᠠᠲᠤ ᠴᠤᠭᠴᠠᠯᠠᠵᠤ ᠴᠢᠳᠠᠬᠤ ᠶᠤᠮ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃