ᠲᠡᠷᠢᠭᠦᠨ ᠨᠢᠭᠤᠷ>ᠰᠢᠨ᠎ᠡ ᠬᠦᠳᠡᠭᠡ>ᠴᠠᠢ᠎ᠶ᠋ᠢᠨ ᠵᠣᠭᠤᠭ

2026-09-21 15:09:53

ᠵᠣᠬᠢᠶᠠᠭ᠍ᠴᠢ᠄ ​ ᠤᠷᠠᠨ᠎ᠠ ᠣᠩᠱᠢᠭ᠍ᠰᠠᠨ ᠣᠳᠠᠭ᠎ᠠ᠄ 3

ᠦᠪᠦᠷ ᠮᠤᠨᠭᠭᠤᠯ ᠤᠯᠠᠨ ᠵᠢᠯ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠠᠵᠢᠯ ᠢ᠋ ᠴᠦᠬᠦᠷᠡᠰᠢ ᠦᠭᠡᠢ ᠦᠷᠨᠢᠭᠦᠯᠬᠦ ᠪᠡᠷ ᠳᠠᠮᠵᠢᠨ ᠭᠢᠯᠠᠯᠵᠠᠮ᠎ᠠ ᠠᠮᠵᠢᠯᠲᠠ ᠪᠦᠲᠦᠮᠵᠢ ᠶ᠋ᠢᠨ ᠬᠠᠭᠤᠳᠠᠰᠤ ᠵᠢ ᠲᠤᠰᠢᠶᠠᠵᠤ᠂ ᠪᠡᠭᠡᠵᠢᠩ ᠲᠢᠶᠠᠨᠵᠢᠨ ᠤ᠋ 《ᠰᠠᠯᠬᠢ ᠡᠯᠡᠰᠦᠨ ᠤ᠋ ᠡᠬᠢ ᠪᠠᠢᠬᠰᠠᠨ》 ᠬᠣᠷᠴᠢᠨ ᠤ᠋ ᠡᠯᠡᠰᠦᠷᠭᠡᠭ ᠭᠠᠵᠠᠷ ᠪᠣᠯᠤᠨ ᠬᠤᠯᠠᠨ ᠰᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠨᠢ ᠨᠡᠢᠰᠯᠡᠯ ᠤ᠋ᠨ 《ᠠᠷᠤ ᠶ᠋ᠢᠨ ᠴᠡᠴᠡᠷᠯᠢᠭ》 ᠪᠤᠯᠵᠤ᠂ 《ᠦᠬᠦᠯ ᠤ᠋ᠨ ᠳᠠᠯᠠᠢ》 ᠬᠡᠮᠡᠭ᠌ᠳᠡᠭ᠌ᠰᠡᠨ ᠬᠥᠪᠴᠢ ᠶ᠋ᠢᠨ ᠡᠯᠡᠰᠦ ᠨᠢ ᠪᠦᠬᠦ᠌ ᠪᠥᠮᠪᠥᠷᠴᠡᠭ᠎ᠦᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠨᠡᠢᠲᠡᠯᠢᠭ ᠵᠢᠱ᠌ᠢᠢ᠎ᠡ ᠪᠤᠯᠵᠤ᠂ ᠬᠠᠮᠠᠷ ᠬᠠᠳᠬᠤᠬᠤ ᠡᠪᠡᠰᠤ ᠦᠭᠡᠢ ᠪᠠᠢᠭ᠍ᠰᠠᠨ ᠮᠤᠤᠠᠤᠰᠤ ᠵᠢᠨ ᠡᠯᠡᠰᠦᠷᠬᠡᠭ ᠭᠠᠵᠠᠷ ᠪᠠᠶᠠᠨ ᠪᠦᠷᠢᠳᠦ ᠪᠤᠯᠤᠬᠰᠠᠨ ᠁ ᠵᠡᠷᠭᠡ ᠠᠯᠢ ᠤᠯᠠᠨ ᠠᠮᠢ ᠠᠬᠤᠢ ᠶ᠋ᠢᠨ ᠭᠠᠢᠬᠠᠮᠰᠢᠭ ᠢ᠋ ᠡᠭᠦᠳᠴᠡᠢ᠃

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠦᠴᠦᠨ ᠨᠢ ᠦᠪᠦᠷ ᠮᠤᠨᠭᠭᠤᠯ᠎ᠤᠨ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠳ᠋ᠤ ᠪᠠᠲᠤ ᠲᠤᠯᠭᠠᠭᠤᠷᠢᠯᠠᠯ ᠪᠤᠯᠪᠠ᠃ ᠣᠳᠤᠬᠠᠨ ᠳ᠋ᠤ᠂ ᠪᠦᠬᠦ ᠤᠷᠤᠨ ᠤ᠋ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠳᠤᠮᠳᠠᠬᠢ ᠮᠠᠰᠢᠨ ᠮᠧᠬᠠᠨᠢᠭᠵᠢᠯᠲᠠ ᠵᠢᠨ ᠨᠣᠷᠮ᠎ᠠ 54% ᠳ᠋ᠤ ᠬᠦᠷᠴᠦ᠂ ᠤᠯᠠᠮᠵᠢᠯᠠᠯᠲᠤ᠌ ᠬᠥᠮᠦᠨ ᠤ᠋ ᠬᠦᠴᠦᠨ ᠤ᠋ ᠠᠵᠢᠯ ᠢ᠋ ᠶᠡᠭᠡ ᠬᠡᠪᠴᠢᠶ᠎ᠡ ᠪᠡᠷ ᠣᠷᠤᠯᠠᠵᠤ᠂ ᠡᠯᠡᠰᠦ ᠵᠢ ᠵᠠᠰᠠᠬᠤ ᠦᠷ᠎ᠡ ᠪᠦᠲᠦᠮᠵᠢ ᠪᠠ ᠶᠠᠰᠤ ᠴᠢᠨᠠᠷ ᠢ᠋ ᠶᠡᠭᠡ ᠪᠡᠷ ᠳᠡᠭᠡᠭᠰᠢᠯᠡᠭᠦᠯᠦᠭᠰᠡᠨ ᠨᠢ ᠮᠡᠳᠡᠭᠡᠵᠢ᠃

ᠡᠯᠡᠰᠦ ᠵᠢ ᠵᠠᠰᠠᠬᠤ ᠳ᠋ᠤ ᠲᠡᠭᠦᠰ ᠴᠢᠳᠠᠪᠤᠷᠢᠲᠤ᠌ ᠠᠷᠭ᠎ᠠ ᠬᠡᠮᠵᠢᠶ᠎ᠡ ᠭᠡᠵᠦ᠍ ᠪᠠᠢᠬᠤ᠎ᠦᠭᠡᠢ᠂ ᠵᠦᠪᠭᠡᠨ ᠵᠢᠮ᠎ᠡ ᠶᠣᠰᠤ ᠵᠢ ᠬᠦᠨᠳᠦᠳᠭᠡᠨ᠂ ᠭᠠᠵᠠᠷ ᠤᠷᠤᠨ ᠤ᠋ ᠪᠠᠢᠳᠠᠯ ᠳ᠋ᠠᠭᠠᠨ ᠲᠣᠬᠢᠷᠠᠭᠤᠯᠤᠨ ᠠᠷᠭ᠎ᠠ ᠪᠣᠳᠤᠯᠭ᠎ᠠ ᠬᠡᠷᠡᠭᠵᠢᠭᠦᠯᠪᠡᠯ ᠰᠠᠶᠢ ᠵᠠᠰᠠᠯᠲᠠ᠎ᠶ᠋ᠢᠨ ᠬᠦᠴᠢᠷ ᠠᠰᠠᠭᠤᠳᠠᠯ ᠢ᠋ ᠰᠢᠢᠳᠪᠦᠷᠢᠯᠡᠵᠦ ᠳᠡᠢᠯᠦᠨ᠎ᠡ᠃ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠠᠵᠢᠯ ᠳᠤᠮᠳᠠ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠳᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠰᠢᠰᠲᠸᠮ ᠲᠠᠢ ᠵᠠᠰᠠᠬᠤ ᠵᠢ ᠪᠠᠷᠢᠮᠲᠠᠯᠠᠵᠤ᠂ ᠲᠤᠬᠠᠢ ᠶ᠋ᠢᠨ ᠭᠠᠵᠠᠷ ᠣᠷᠣᠨ ᠤ᠋ ᠪᠠᠢᠳᠠᠯ ᠳ᠋ᠠᠭᠠᠨ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭ᠌ᠵᠢᠭᠦᠯᠤᠨ ᠰᠢᠨ᠎ᠡ ᠵᠢ ᠡᠭᠦᠳᠦᠭᠰᠡᠨ ᠵᠠᠭ᠍ᠪᠤᠷ ᠪᠠ ᠠᠷᠭ᠎ᠠ ᠬᠡᠮᠵᠢᠶ᠎ᠡ ᠵᠢ ᠢᠯᠡᠭᠦᠬᠡᠨ ᠰᠦᠪᠡᠭ᠌ᠴᠢᠯᠡᠵᠦ᠍᠂ ᠡᠯᠡᠰᠦ ᠵᠢ ᠵᠠᠰᠠᠬᠤ 《ᠨᠢᠭᠤᠴᠠ ᠵᠣᠷ》 ᠢ᠋ ᠤᠯᠠᠮ ᠡᠴᠡ ᠤᠯᠠᠮ ᠱᠢᠨᠵᠢᠯᠡᠬᠦ᠌ ᠤᠬᠠᠭᠠᠨᠴᠢ ᠤᠯᠠᠨ ᠶᠠᠩᠵᠤ ᠶ᠋ᠢᠨ ᠪᠣᠯᠭᠠᠪᠠᠯ ᠡᠯᠡᠰᠦ ᠵᠢ ᠵᠠᠰᠠᠬᠤ ᠦᠷ᠎ᠡ ᠪᠦᠲᠦᠮᠵᠢ ᠰᠠᠶᠢ ᠤᠯᠠᠮ ᠡᠴᠡ ᠤᠯᠠᠮ ᠰᠠᠢᠨ ᠪᠤᠯᠵᠤ ᠳᠡᠢᠯᠦᠨ᠎ᠡ ᠭᠡᠳᠡᠭ ᠢ᠋ ᠦᠪᠦᠷ ᠮᠤᠨᠭᠭᠤᠯ ᠤ᠋ᠨ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠰᠠᠨ ᠦᠢᠯᠡᠳᠦᠯᠭᠡ ᠭᠡᠷᠡᠴᠢᠯᠡᠨ᠎ᠠ᠃

ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠪᠣᠯ ᠤᠳᠠᠭᠠᠨ ᠳᠠᠭᠠᠭᠠᠮᠠᠭᠠᠢ ᠲᠠᠢᠯᠠᠯᠳᠤᠭᠠᠨ ᠪᠠᠢᠵᠤ᠂ ᠤᠶᠤᠨ ᠤᠬᠠᠭᠠᠨ ᠢ᠋ ᠰᠢᠯᠭᠠᠬᠤ ᠪᠡᠷ ᠪᠠᠷᠠᠬᠤ ᠦᠭᠡᠢ ᠵᠤᠷᠢᠭ ᠲᠡᠪᠴᠢᠶᠡᠷᠢ ᠵᠢ ᠰᠢᠯᠭᠠᠳᠠᠭ᠃ ᠬᠡᠳᠦᠨ ᠠᠷᠪᠠᠨ ᠵᠢᠯ ᠤ᠋ᠨ ᠲᠤᠷᠰᠢ ᠦᠪᠦᠷ ᠮᠤᠨᠭᠭᠤᠯ ᠤ᠋ᠨ ᠦᠶ᠎ᠡ ᠦᠶ᠎ᠡ ᠶ᠋ᠢᠨ ᠡᠯᠡᠰᠦ ᠵᠠᠰᠠᠭ᠍ᠴᠢᠳ ᠲᠡᠦᠬᠡᠲᠦ ᠡᠭᠦᠷᠭᠡ ᠬᠠᠷᠢᠭᠤᠴᠠᠯᠭ᠎ᠠ ᠪᠠᠨ ᠵᠣᠷᠢᠭ᠍ᠲᠠᠶ ᠡᠭᠦᠷᠭᠡᠯᠡᠵᠦ᠍᠂ ᠡᠯᠡᠰᠦ ᠵᠢ ᠵᠠᠰᠠᠬᠤ ᠡᠮᠦᠨ᠎ᠡ ᠹᠷᠤᠨᠲ ᠲᠦ᠍ ᠲᠡᠰᠪᠦᠷᠢ ᠬᠠᠲᠠᠭᠤᠵᠢᠯᠲᠠᠢ ᠲᠡᠮᠡᠴᠡᠵᠦ᠂ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠰᠠᠨ ᠭᠠᠢᠬᠠᠮᠰᠢᠭ ᠢ᠋ ᠡᠭᠦᠳᠴᠡᠢ᠃ ᠡᠨᠡ᠎ᠪᠤᠯ ᠳᠠᠷᠤᠢ ᠲᠡᠰᠪᠦᠷᠢ ᠬᠠᠳᠠᠭᠤᠵᠢᠯᠲᠠᠢ᠂ ᠴᠤᠴᠠᠯᠲᠠ ᠦᠭᠡᠢ ᠤᠷᠤᠭᠰᠢᠯᠠᠬᠤ ᠮᠣᠩᠭᠤᠯ ᠮᠣᠷᠢᠨ ᠤ᠋ ᠵᠣᠷᠢᠭ ᠰᠠᠨᠠᠭ᠎ᠠ ᠪᠠ ᠬᠠᠷᠠᠮ ᠦᠭᠡᠢ ᠵᠣᠷᠢᠭᠤᠯᠬᠤ᠂ ᠴᠥᠬᠥᠷᠡᠰᠢ ᠦᠭᠡᠢ ᠴᠢᠷᠮᠠᠢᠬᠤ 《ᠤᠮᠠᠷᠠᠲᠤ ᠶ᠋ᠢᠨ ᠭᠤᠷᠪᠠᠨ ᠣᠷᠣᠨ ᠤ᠋ ᠵᠣᠷᠢᠭ᠋ ᠰᠠᠨᠠᠭ᠎ᠠ》 ᠶ᠋ᠢᠨ ᠪᠤᠳᠠᠳᠠᠢ ᠦᠢᠯᠡᠳᠦᠯᠭᠡ ᠪᠤᠯᠬᠤ ᠶᠤᠮ᠃

ᠵᠤᠷᠢᠭ ᠤᠬᠠᠭᠠᠨ ᠪᠠᠢᠪᠠᠯ ᠵᠤᠷᠢᠬᠰᠠᠨ ᠦᠢᠯᠡᠰ ᠪᠦᠲᠦᠨ᠎ᠡ᠃ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠰᠢᠨ᠎ᠡ ᠭᠠᠷᠤᠭ᠎ᠠ ᠳ᠋ᠤ ᠵᠣᠭᠰᠤᠵᠤ᠂ ᠥᠪᠦᠷ ᠮᠣᠩᠭᠤᠯ ᠮᠤᠩᠭᠤᠯ ᠮᠣᠷᠢᠨ ᠤ᠋ ᠵᠣᠷᠢᠭ ᠰᠠᠨᠠᠭ᠎ᠠ ᠪᠣᠯᠤᠨ 《ᠤᠮᠠᠷᠠᠲᠤ ᠶ᠋ᠢᠨ ᠭᠤᠷᠪᠠᠨ ᠤᠷᠤᠨ ᠤ᠋ ᠵᠣᠷᠢᠭ ᠰᠠᠨᠠᠭ᠎ᠠ》 ᠵᠢ ᠦᠷᠭᠦᠯᠵᠢᠯᠡᠨ ᠪᠠᠳᠠᠷᠠᠭᠤᠯᠤᠨ᠂ ᠰᠢᠨᠵᠢᠯᠡᠬᠦ᠌ ᠤᠬᠠᠭᠠᠨᠴᠢ ᠪᠡᠷ ᠡᠯᠡᠰᠦ ᠵᠠᠰᠠᠬᠤ᠂ ᠰᠢᠰᠲᠸᠮ ᠲᠠᠢ ᠵᠠᠰᠠᠬᠤ᠂ ᠠᠷᠭ᠎ᠠ ᠬᠡᠯᠪᠡᠷᠢ ᠶ᠋ᠢᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠡᠯᠡᠰᠦ ᠵᠠᠰᠠᠭᠰᠠᠨ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠪᠠᠬᠢᠵᠢᠭᠦᠯᠵᠦ᠍᠂ ᠦᠷᠭᠦᠯᠵᠢᠯᠡᠨ ᠴᠦᠬᠦᠷᠡᠰᠢ ᠦᠭᠡᠢ ᠲᠡᠮᠡᠴᠡᠪᠡᠯ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠰᠠᠨ ᠨᠡᠩ ᠤᠯᠠᠨ ᠰᠢᠨ᠎ᠡ ᠭᠠᠢᠬᠠᠮᠰᠢᠭ ᠢ᠋ ᠡᠭᠦᠳᠬᠦ ᠨᠢ ᠯᠠᠪᠲᠠᠢ ᠶᠤᠮ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面