ᠲᠡᠷᠢᠭᠦᠨ ᠨᠢᠭᠤᠷ>ᠰᠢᠨ᠎ᠡ ᠬᠦᠳᠡᠭᠡ>ᠴᠠᠢ᠎ᠶ᠋ᠢᠨ ᠵᠣᠭᠤᠭ

2026-11-10 09:35:44

ᠵᠣᠬᠢᠶᠠᠭ᠍ᠴᠢ᠄ ᠭᠤᠸ᠎ᠠ ᠣᠩᠱᠢᠭ᠍ᠰᠠᠨ ᠣᠳᠠᠭ᠎ᠠ᠄ 3

ᠠᠮᠢ ᠠᠬᠤᠢ ᠵᠢᠨ ᠡᠭᠢ ᠪᠠᠶᠠᠯᠢᠭ ᠢ᠋ ᠬᠡᠳᠦᠷᠡᠳᠡᠯ᠎ᠡ ᠨᠡᠭᠡᠭᠡᠨ ᠠᠰᠢᠬᠯᠠᠵᠤ ᠪᠤᠯᠬᠤ ᠪᠢᠰᠢ ᠂ ᠬᠠᠷᠢᠨ ᠦᠷᠭᠦᠯᠵᠢᠯᠡᠨ ᠬᠦᠭᠵᠢᠬᠦᠯᠬᠦ ᠴᠢᠬᠤᠯᠠᠳᠠᠢ


ᠤᠳᠤ ᠦᠪᠦᠷ ᠮᠤᠩᠭᠤᠯ ᠤ᠋ᠨ ᠡᠯᠪᠡᠭ ᠪᠠᠶᠠᠯᠢᠭ ᠪᠠᠢᠭᠠᠯᠢ ᠵᠢᠨ ᠡᠬᠢ ᠪᠠᠶᠠᠯᠢᠭ ᠨᠢ 《ᠨᠢᠳᠦ ᠬᠤᠵᠢᠷᠯᠠᠬᠤ》 ᠦᠵᠡᠰᠭᠦᠯᠡᠩᠳᠤ ᠰᠠᠢᠬᠠᠨ ᠦᠵᠡᠮᠵᠢ ᠪᠠᠢᠭᠰᠠᠨ ᠡᠴᠡ ᠪᠠᠨ ᠢᠳᠡᠭ ᠢᠳᠡᠭ᠎ᠵᠢᠡᠷ 《ᠦᠨᠡᠲᠦ ᠡᠳ᠋ ᠬᠥᠷᠥᠩᠭᠡ》 ᠪᠣᠯᠵᠤ ᠬᠤᠪᠢᠷᠠᠵᠤ ᠪᠠᠢᠭ᠎ᠠ ᠠᠵᠢ᠃ ᠠᠭᠤᠳᠠᠮ ᠲᠠᠯ᠎ᠠ᠂ ᠨᠡᠯᠦᠭᠡᠷ ᠣᠢ᠂ ᠨᠤᠭᠤ ᠭᠠᠵᠠᠷ᠂ ᠳᠤᠩᠭᠠᠯᠠᠭ ᠨᠠᠭᠤᠷ ᠵᠠᠷᠭᠡ ᠨᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠠᠳᠤ ᠴᠤᠭᠴᠠᠯᠠᠬᠤ᠎ᠵᠢᠨ ᠡᠷᠬᠢᠮ ᠨᠠᠨᠳᠢᠨ ᠡᠳ᠋ ᠬᠥᠷᠥᠩᠭᠡ ᠪᠣᠯᠬᠤ ᠪᠦᠭᠡᠳ ᠮᠠᠰᠢ ᠶᠡᠬᠡ ᠠᠮᠢ ᠠᠬᠤᠢ ᠵᠢᠨ ᠪᠦᠲᠦᠭᠡᠭᠳᠡᠬᠦᠨ ᠤ᠋ ᠥᠷᠲᠡᠭ ᠠᠭᠤᠯᠵᠤ ᠪᠠᠢᠳᠠᠭ᠃

ᠠᠮᠢ ᠠᠬᠤᠢ ᠵᠢᠨ ᠡᠬᠢ ᠪᠠᠶᠠᠯᠢᠭ ᠢ᠋ ᠠᠭᠤᠳᠠᠯᠵᠤ ᠠᠷᠠᠳ ᠲᠦ᠍ ᠠᠰᠢᠭ ᠬᠦᠷᠳᠡᠭᠡᠭᠦ ᠎ᠳᠦ ᠵᠠᠬ᠎ᠠ ᠳᠡᠯᠭᠡᠭᠦᠷ ᠤ᠋ᠨ ᠠᠵᠢᠯᠯᠠᠭᠠᠨ᠎ᠳᠦ ᠲᠦᠰᠢᠭᠯᠡᠬᠦ ᠪᠠᠷ ᠪᠠᠷᠠᠬᠤ ᠦᠭᠡᠢ  ᠳᠦᠷᠢᠮ ᠤ᠋ᠨ ᠰᠢᠨ᠎ᠡ ᠵᠢ ᠡᠭᠦᠳᠤᠯᠳᠠ ᠳ᠋ᠦ᠍ ᠲᠦᠰᠢᠭᠯᠡᠬᠦ ᠴᠢᠬᠤᠯᠠᠳᠠᠢ᠃ ᠤᠳᠤ ᠦᠪᠦᠷ ᠮᠤᠩᠭᠤᠯ ᠤ᠋ᠨ ᠲᠠᠯ᠎ᠠ ᠨᠤᠲᠤᠭ ᠤ᠋ᠨ ᠠᠮᠢ ᠠᠬᠤᠢ ᠵᠢᠨ ᠵᠢᠭᠤᠯᠴᠢᠯᠠᠯ ᠦᠷᠭᠦᠯᠵᠢᠯᠡᠨ ᠬᠦᠭᠵᠢᠶᠠᠨᠳᠠᠢ ᠦᠷᠨᠢᠵᠤ᠂ ᠪᠦᠬᠦ ᠤᠯᠤᠰ ᠤ᠋ᠨ ᠡᠯ᠎ᠡ ᠭᠠᠵᠠᠷ ᠤ᠋ᠨ ᠵᠢᠭᠤᠯᠴᠢᠯᠠᠭᠰᠠᠳ ᠦᠪᠦᠷ ᠮᠤᠩᠭᠤᠯ ᠤ᠋ᠨ ᠦᠪᠡᠷᠮᠢᠴᠡ ᠤᠨᠴᠠᠯᠢᠭᠳᠤ ᠪᠠᠢᠭᠠᠯᠢ ᠵᠢᠨ ᠦᠵᠡᠮᠵᠢ᠎ᠵᠢ ᠪᠠᠬᠠᠷᠬᠠᠵᠤ ᠬᠦᠷᠤᠯᠴᠠᠨ ᠢᠷᠡᠵᠤ ᠵᠢᠭᠤᠯᠴᠢᠯᠠᠨ ᠲᠤᠭᠤᠷᠢᠵᠤ ᠰᠠᠨᠠᠭ᠎ᠠ ᠰᠡᠳᠬᠢᠯ᠎ᠵᠢᠡᠨ ᠪᠠᠶᠠᠰᠬᠠᠵᠤ ᠪᠤᠢ; ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤ 《ᠡᠪᠡᠰᠦᠨ᠎ᠤ᠋ ᠪᠢᠯᠧᠲ》 ᠤ᠋ᠨ ᠲᠦᠷᠢᠮ᠎ᠤᠨ ᠰᠢᠨ᠎ᠡ ᠵᠢ ᠡᠭᠦᠳᠴᠦ᠂ ᠨᠤᠳᠤᠭ ᠪᠡᠯᠴᠢᠭᠡᠷ ᠤ᠋ᠨ ᠡᠷᠬᠡ ᠠᠰᠢᠭ ᠢ᠋ ᠳᠠᠨᠵᠢᠯᠠᠵᠤ ᠪᠣᠯᠬᠤᠢᠴᠠ ᠠᠰᠢᠭ ᠬᠦᠷᠲᠡᠬᠦ ᠦᠨᠡᠮᠯᠡᠯ ᠪᠣᠯᠭᠠᠨ ᠬᠤᠪᠢᠷᠠᠭᠤᠯᠵᠤ᠂ ᠮᠠᠯᠴᠢᠳ ᠡᠬᠦᠨ᠎ᠵᠢᠡᠷ᠎ᠵᠢᠡᠨ ᠪᠠᠩᠬᠢ ᠵᠢᠨ ᠵᠢᠭᠡᠯᠡᠯᠭᠡ ᠠᠪᠴᠦ ᠲᠠᠷᠠᠴᠢᠯᠠᠨ ᠠᠰᠢᠭ ᠬᠤᠪᠢᠶᠠᠷᠢᠯᠠᠯᠳᠠ ᠬᠦᠷᠳᠡᠵᠤ ᠪᠤᠢ;ᠦᠪᠦᠷ ᠮᠤᠩᠭᠤᠯ ᠪᠠᠰᠠ ᠨᠡᠭᠦᠷᠡᠰᠦᠲᠥ᠋ᠷᠥᠭᠴᠢ ᠵᠢᠨ ᠬᠤᠷᠠᠮᠳᠤᠭᠤᠯᠭ᠎ᠠ ᠵᠢᠨ ᠠᠷᠠᠯᠵᠢᠶ᠎ᠠ᠂ ᠠᠮᠢ ᠠᠬᠤᠢ ᠵᠢᠨ ᠢᠲᠡᠭᠡᠮᠵᠢ ᠣᠯᠭᠣᠬᠤ ᠵᠡᠷᠭᠡ ᠰᠢᠨ᠎ᠡ ᠵᠠᠭᠪᠤᠷ ᠢ᠋ ᠲᠠᠰᠤᠷᠠᠯᠲᠠ ᠦᠭᠡᠢ ᠰᠦᠪᠡᠭᠴᠢᠯᠡᠨ ᠬᠡᠷᠡᠭᠵᠢᠭᠦᠯᠵᠤ ᠲᠤᠪᠤᠢᠮ᠎ᠠ ᠦᠷ᠎ᠠ ᠪᠦᠳᠤᠮᠵᠢ ᠤᠯᠵᠤ ᠪᠤᠢ᠃

ᠠᠩᠬᠠᠷᠤᠭᠤᠰᠢᠳᠠᠢ ᠨᠢ ᠠᠮᠢ ᠠᠬᠤᠢ ᠵᠢᠨ ᠡᠬᠢ ᠪᠠᠶᠠᠯᠢᠭ ᠢ᠋ ᠬᠡᠳᠦᠷᠡᠳᠡᠯ᠎ᠡ ᠨᠡᠭᠡᠭᠡᠨ ᠠᠰᠢᠬᠯᠠᠵᠤ ᠪᠤᠯᠬᠤ ᠪᠢᠰᠢ᠂ ᠬᠠᠷᠢᠨ ᠦᠷᠭᠦᠯᠵᠢᠯᠡᠨ ᠬᠦᠭᠵᠢᠬᠦᠯᠬᠦ ᠴᠢᠬᠤᠯᠠᠳᠠᠢ᠃ ᠠᠮᠢ ᠠᠬᠤᠢ᠎ᠵᠢᠨ ᠡᠬᠢ ᠪᠠᠶᠠᠯᠢᠭ ᠡᠴᠡ ᠠᠵᠤ ᠠᠬᠤᠢ᠎ᠵᠢᠨ ᠦᠷ᠎ᠡ ᠠᠰᠢᠭ ᠬᠦᠷᠳᠡᠭᠦ ᠎ᠳᠦ ᠪᠠᠢᠭᠠᠯᠢ ᠵᠢᠨ ᠡᠬᠢ ᠪᠠᠶᠠᠯᠢᠭ ᠤ᠋ᠨ ᠳᠠᠭᠠᠭᠠᠴᠠ ᠵᠢᠨ ᠬᠡᠮᠵᠢᠶ᠎ᠡ ᠵᠢ ᠪᠠᠳᠤ ᠰᠠᠬᠢᠨ᠂ ᠬᠡᠳᠦᠷᠡᠳᠡᠯ᠎ᠡ ᠨᠡᠭᠡᠭᠡᠨ ᠠᠰᠢᠬᠯᠠᠬᠤ ᠵᠢ ᠳᠡᠪᠴᠢᠵᠤ᠂ ᠤᠯᠵᠠ ᠠᠰᠢᠭ ᠢ᠋ ᠬᠦᠬᠡᠭᠡᠴᠡᠯᠳᠤᠨ ᠠᠮᠢ ᠠᠬᠤᠢ ᠵᠢ ᠡᠪᠳᠡᠬᠦ ᠠᠵᠢᠯᠯᠠᠭ᠎ᠠ ᠵᠢ ᠡᠷᠡᠰ ᠬᠤᠷᠢᠭᠯᠠᠬᠤ ᠬᠡᠷᠡᠭᠳᠡᠢ᠃ ᠡᠬᠦᠨ᠎ᠳᠤ ᠵᠠᠪᠠᠯ ᠠᠮᠢ ᠠᠬᠤᠢ ᠵᠢᠨ ᠡᠬᠢ ᠪᠠᠶᠠᠯᠢᠭ᠎ᠢ ᠬᠠᠮᠳᠤ ᠪᠡᠷ ᠡᠳ᠋ᠯᠡᠭᠦ ᠵᠢ ᠪᠠᠷᠢᠮᠳᠠᠯᠠᠵᠤ᠂ ᠠᠮᠢ ᠠᠬᠤᠢ᠎ᠵᠢᠨ ᠦᠷᠳᠡᠭ᠎ᠢ ᠠᠵᠤ ᠠᠬᠤᠢ᠎ᠵᠢᠨ ᠦᠷᠳᠡᠭ ᠪᠤᠯᠭᠠᠨ ᠬᠤᠪᠢᠷᠠᠭᠤᠯᠤᠭᠰᠠᠨ ᠬᠦᠭᠵᠢᠯᠳᠠ ᠵᠢᠨ ᠦᠷ᠎ᠡ ᠪᠦᠳᠦᠮᠵᠢ᠎ᠵᠢ ᠮᠠᠯᠴᠢᠨ ᠲᠦᠮᠡᠨ᠂ ᠤᠢ ᠬᠠᠮᠠᠭᠠᠯᠠᠬᠴᠢ ᠪᠡᠯᠴᠢᠭᠡᠷ ᠬᠠᠮᠠᠭᠠᠯᠠᠭᠴᠢ ᠵᠡᠷᠭᠡ ᠠᠮᠢ ᠠᠬᠤᠢ ᠵᠢ ᠬᠠᠮᠠᠭᠠᠯᠠᠵᠤ ᠪᠦᠬᠦᠢ ᠭᠤᠤᠯ ᠴᠤᠭᠴᠠ ᠎ᠳᠦ ᠬᠦᠷᠳᠡᠭᠡᠬᠦ ᠵᠢ ᠴᠢᠬᠤᠯᠠᠴᠢᠯᠠᠬᠤ ᠡᠴᠡ ᠪᠢᠰᠢ ᠬᠠᠷᠢᠨ ᠠᠮᠢ ᠠᠬᠤᠢ ᠵᠢᠨ ᠦᠷ᠎ᠠ ᠠᠰᠢᠭ ᠢ᠋ ᠪᠡᠯᠡ ᠤᠷᠤᠭᠤᠯᠤᠯᠳᠠ ᠵᠢᠨ ᠵᠠᠬ᠎ᠠ ᠳᠡᠯᠭᠡᠭᠦᠷ ᠲᠦ᠍ ᠤᠷᠤᠭᠤᠯᠬᠤ ᠪᠡᠷ ᠬᠦᠭᠡᠭᠡᠴᠡᠯᠳᠤᠬᠦ᠎ᠵᠢ ᠡᠷᠡᠰ ᠳᠠᠪᠴᠢᠬᠦ ᠬᠡᠷᠡᠭᠳᠡᠢ᠃

ᠨᠤᠮᠢᠨ ᠤᠰᠤ ᠬᠦᠭᠡᠮᠳᠦᠭ ᠠᠭᠤᠯᠠ ᠪᠤᠯ ᠠᠯᠳᠠᠨ ᠠᠭᠤᠯᠠ ᠮᠦᠡᠭᠬᠦᠨ ᠬᠠᠢᠷᠬᠠᠨ ᠮᠦᠨ᠃ ᠠᠮᠢ ᠠᠬᠤᠢ᠎ᠵᠢ ᠬᠠᠮᠠᠭᠠᠯᠠᠬᠤ᠎ᠳᠤ ᠵᠠᠪᠠᠯ ᠬᠠᠤᠯᠢ ᠲᠦᠷᠢᠮ ᠢ᠋ ᠳᠡᠭᠦᠯᠳᠡᠷᠵᠢᠭᠦᠯᠤᠨ ᠬᠡᠷᠡᠭᠵᠢᠭᠦᠯᠬᠦ ᠵᠢᠨ ᠬᠠᠮᠳᠤ ᠵᠠᠬ᠎ᠠ ᠳᠡᠯᠭᠡᠭᠦᠷ ᠢ᠋ ᠬᠦᠭᠵᠢᠭᠡᠨ ᠠᠷᠠᠳ ᠤᠯᠠᠨ ᠎ᠳᠦ ᠠᠰᠢᠭ ᠬᠦᠷᠳᠡᠭᠡᠵᠤ᠂ ᠠᠮᠢ ᠠᠬᠤᠢ ᠵᠢᠨ ᠳᠠᠪᠠᠭᠤᠯᠢᠭ ᠢ᠋ ᠬᠦᠭᠵᠢᠯᠳᠡ ᠵᠢᠨ ᠳᠠᠪᠠᠭᠤᠯᠢᠭ ᠪᠤᠯᠭᠠᠨ ᠬᠤᠪᠢᠷᠠᠭᠤᠯᠵᠤ᠂ ᠠᠭᠠᠷ ᠲᠡᠭᠷᠢ ᠪᠠᠨ ᠴᠡᠡᠭᠭᠡᠭ᠎ᠵᠢᠡᠷ ᠨᠢ ᠪᠠᠢᠯᠭᠠᠵᠤ᠂ ᠠᠭᠤᠳᠠᠮ ᠲᠠᠯ᠎ᠠ ᠪᠠᠨ ᠨᠤᠭᠤᠭᠠᠨ᠎ᠵᠢᠡᠷ ᠨᠢ ᠪᠠᠢᠯᠭᠠᠵᠤ᠂ ᠤᠰᠤ ᠮᠦᠷᠡᠨ᠎ᠵᠢᠡᠨ ᠲᠤᠡᠭᠭᠠᠯᠠᠭ᠎ᠵᠢᠡᠷ ᠨᠢ ᠪᠠᠢᠯᠭᠠᠵᠤ᠂ ᠠᠭᠤᠯᠠ ᠨᠢᠷᠤᠭᠤᠳ᠎ᠵᠢᠡᠨ ᠬᠦᠭᠡᠮᠳᠦᠭ᠎ᠵᠢᠡᠷ ᠪᠠᠢᠯᠭᠠᠬᠤ ᠪᠠᠷ ᠬᠦᠴᠤᠯᠠᠨ ᠴᠢᠷᠮᠠᠢᠶ᠎ᠠ!

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面