2024-08-16 10:30:29
17 ᠡᠴᠡ 20 ᠤ᠋ ᠡᠳᠤᠷ ᠪᠤᠯᠳᠠᠯ᠎ᠠ ᠮᠠᠨ ᠤ᠋ ᠤᠷᠤᠨ ᠤ ᠲᠤᠮᠳᠠ ᠵᠡᠬᠦᠨ ᠪᠠᠶ᠎ᠠ ᠵᠢᠨ ᠭᠠᠵᠠᠷ ᠤᠷᠤᠨ ᠵᠢᠡᠷ ᠪᠤᠷᠤᠭᠠᠨ ᠵᠦᠰᠡᠷᠡᠨᠠ
ᠬᠡᠰᠡᠭ ᠭᠠᠵᠠᠷ ᠲᠦ᠍ ᠶᠡᠬᠡ ᠪᠤᠷᠤᠭᠠᠨ ᠪᠤᠶᠤ ᠰᠢᠷᠤᠬᠦᠨ ᠪᠤᠷᠤᠭᠠᠨ ᠤᠷᠤᠨ᠎ᠠ
ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠬᠤᠷᠢᠶ᠎ᠠ ᠡᠴᠡ ᠤᠢᠯᠠᠭᠠᠭᠰᠠᠨ ᠢ᠋ᠢᠡᠷ᠂ 8 ᠰᠠᠷ᠎ᠠ ᠢ᠋ᠢᠨ 17 ᠡᠴᠡ 20 ᠤ᠋ ᠡᠳᠦᠷ ᠪᠣᠯᠲᠠᠯ᠎ᠠ ᠬᠦᠢᠲᠡᠨ ᠠᠭᠠᠷ ᠤ᠋ᠨ ᠨᠦᠯᠦᠭᠡᠯᠡᠯ ᠢ᠋ᠢᠡᠷ ᠮᠠᠨ ᠤ᠋ ᠣᠷᠣᠨ ᠤ᠋ ᠳᠤᠮᠳᠠ ᠪᠠ ᠵᠡᠭᠦᠨ ᠪᠡᠶ᠎ᠠ ᠢ᠋ᠢᠨ ᠭᠠᠵᠠᠷ ᠤᠷᠤᠨ ᠵᠢᠡᠷ ᠪᠤᠷᠤᠭᠠᠨ ᠵᠦᠰᠡᠷᠡᠵᠤ᠂ ᠳᠤᠮᠳᠠ ᠪᠡᠶ᠎ᠠ ᠢ᠋ᠢᠨ ᠵᠡᠭᠦᠨ ᠬᠣᠢᠲᠤ ᠬᠡᠰᠡᠭ ᠪᠠ ᠵᠡᠭᠦᠨ ᠪᠡᠶ᠎ᠠ ᠢ᠋ᠢᠨ ᠡᠮᠦᠨ᠎ᠠ ᠬᠡᠰᠡᠭ ᠲᠤ᠌ ᠳᠤᠮᠳᠠ ᠡᠴᠡ ᠶᠡᠬᠡ ᠪᠣᠷᠣᠭᠠᠨ ᠤᠷᠤᠵᠤ᠂ ᠬᠡᠰᠡᠭ ᠭᠠᠵᠠᠷ ᠲᠦ᠍ ᠱᠢᠷᠦᠭᠦᠨ ᠪᠣᠷᠣᠭᠠᠨ ᠣᠷᠣᠬᠤ ᠢ᠋ᠢᠨ ᠬᠠᠮᠲᠤ ᠣᠬᠣᠷ ᠬᠤᠭᠤᠴᠠᠭᠠᠨ ᠤ᠋ ᠠᠶᠤᠩᠭᠠᠲᠤ ᠪᠣᠷᠣᠭᠠᠨ ᠤᠷᠤᠵᠦ᠂ ᠶᠡᠬᠡ ᠰᠠᠯᠬᠢ ᠰᠠᠯᠬᠢᠯᠠᠨ᠂ ᠮᠥᠨᠳᠥᠷ ᠵᠡᠷᠭᠡ ᠴᠢᠡᠭᠭ᠎ᠠ ᠰᠤᠯᠢᠭ ᠤᠷᠤᠰᠭᠠᠯᠲᠤ ᠴᠠᠭ ᠠᠭᠤᠷ ᠳᠤᠬᠢᠶᠠᠯᠳᠤᠨ᠎ᠠ᠃
8 ᠰᠠᠷ᠎ᠠ ᠢ᠋ᠢᠨ 17 ᠤ᠋ ᠡᠳᠦᠷ ᠤ᠋ᠨ 8 ᠴᠠᠭ ᠡᠴᠡ 21 ᠤ᠋ ᠡᠳᠦᠷ ᠤ᠋ᠨ 8 ᠴᠠᠭ ᠪᠣᠯᠲᠠᠯ᠎ᠠ᠂ ᠮᠠᠨ ᠤ᠋ ᠤᠷᠤᠨ ᠤ᠋ ᠪᠠᠷᠠᠭᠤᠨ ᠪᠡᠶ᠎ᠠ ᠢ᠋ᠢᠨ ᠵᠡᠭᠦᠨ ᠬᠡᠰᠡᠭ ᠡᠴᠡ ᠵᠡᠭᠦᠨᠰᠢᠬᠢ ᠶᠡᠬᠡᠩᠬᠢ ᠭᠠᠵᠠᠷ ᠤ᠋ᠨ ᠬᠤᠷ᠎ᠠ ᠲᠤᠨᠳᠠᠰᠤᠨ ᠤ᠋ ᠬᠤᠷᠠᠮᠳᠤᠯ ᠤ᠋ᠨ ᠬᠡᠮᠵᠢᠶ᠎ᠡ 0.1 — 9.9 ᠮᠢᠯᠢᠮᠧᠲ᠋ᠷ ᠬᠦᠷᠦᠨ᠎ᠠ ᠃ ᠡᠬᠦᠨ ᠳ᠋ᠤ ᠪᠠᠷᠠᠭᠤᠨ ᠪᠡᠶ᠎ᠠ ᠢ᠋ᠢᠨ ᠵᠡᠭᠦᠨ ᠡᠮᠦᠨ᠎ᠡ ᠬᠡᠰᠡᠭ᠂ ᠳᠤᠮᠳᠠ ᠪᠡᠶ᠎ᠠ ᠢ᠋ᠢᠨ ᠡᠮᠦᠨ᠎ᠠ ᠬᠡᠰᠡᠭ ᠪᠠ ᠵᠡᠭᠦᠨ ᠬᠡᠰᠡᠭ᠂ ᠵᠡᠭᠦᠨ ᠪᠡᠶ᠎ᠠ ᠢ᠋ᠢᠨ ᠡᠮᠦᠨ᠎ᠠ ᠬᠡᠰᠡᠭ ᠤ᠋ᠨ ᠭᠠᠵᠠᠷ ᠣᠷᠣᠨ ᠤ᠋ ᠬᠤᠷ᠎ᠠ ᠲᠤᠨᠳᠠᠰᠤᠨ ᠤ᠋ ᠬᠤᠷᠠᠮᠳᠤᠯ ᠤ᠋ᠨ ᠬᠡᠮᠵᠢᠶ᠎ᠡ 10.0 — 24.9 ᠮᠢᠯᠢᠮᠧᠲ᠋ᠷ ᠬᠦᠷᠦᠨ᠎ᠠ; ᠱᠢᠯᠢ ᠢ᠋ᠢᠨ ᠭᠣᠣᠯ ᠠᠢᠮᠠᠭ ᠤ᠋ᠨ ᠵᠡᠭᠦᠨ ᠪᠡᠶ᠎ᠠ᠂ ᠤᠯᠠᠭᠠᠨᠬᠠᠳᠠ ᠬᠣᠲᠠ᠂ ᠲᠦᠩᠯᠢᠶᠣᠤ ᠬᠣᠲᠠ᠂ ᠬᠢᠩᠭᠠᠨ ᠠᠢᠮᠠᠭ ᠤ᠋ᠨ ᠡᠮᠦᠨ᠎ᠠ ᠪᠡᠶ᠎ᠠ ᠢ᠋ᠢᠨ ᠭᠠᠵᠠᠷ ᠣᠷᠣᠨ ᠤ᠋ ᠬᠤᠷ᠎ᠠ ᠲᠣᠨᠳᠠᠰᠤᠨ ᠤ᠋ ᠬᠤᠷᠠᠮᠳᠤᠯ ᠤ᠋ᠨ ᠬᠡᠮᠵᠢᠶ᠎ᠡ 25.0 — 49.9 ᠮᠢᠯᠢᠮᠧᠲ᠋ᠷ ᠬᠦᠷᠦᠨ᠎ᠠ; ᠱᠢᠯᠢ ᠢ᠋ᠢᠨ ᠭᠣᠣᠯ ᠠᠢᠮᠠᠭ ᠤ᠋ᠨ ᠵᠡᠭᠦᠨ ᠪᠡᠶ᠎ᠡ ᠢ᠋ᠢᠨ ᠵᠡᠭᠦᠨ ᠬᠡᠰᠡᠭ᠂ ᠤᠯᠠᠭᠠᠨᠬᠠᠳᠠ ᠬᠣᠲᠠ ᠢ᠋ᠢᠨ ᠬᠣᠢᠲᠤ ᠪᠡᠶ᠎ᠡ ᠪᠣᠯᠤᠨ ᠵᠡᠭᠦᠨ ᠪᠡᠶ᠎ᠡ᠂ ᠲᠦᠩᠯᠢᠶᠣᠤ ᠬᠣᠲᠠ ᠢ᠋ᠢᠨ ᠪᠠᠷᠠᠭᠤᠨ ᠪᠡᠶ᠎ᠡ ᠪᠣᠯᠤᠨ ᠳᠤᠮᠳᠠ ᠪᠡᠶ᠎ᠡ᠂ ᠬᠢᠩᠭᠠᠨ ᠠᠢᠮᠠᠭ ᠤ᠋ᠨ ᠵᠡᠭᠦᠨ ᠡᠮᠦᠨ᠎ᠡ ᠪᠡᠶ᠎ᠡ ᠢ᠋ᠢᠨ ᠬᠤᠷ᠎ᠠ ᠲᠤᠨᠳᠠᠰᠤᠨ ᠤ᠋ ᠬᠤᠷᠠᠮᠳᠤᠯ ᠤ᠋ᠨ ᠬᠡᠮᠵᠢᠶ᠎ᠡ 50.0 — 99.9 ᠮᠢᠯᠢᠮᠧᠲ᠋ᠷ ᠬᠦᠷᠤᠨ᠎ᠠ; ᠤᠯᠠᠭᠠᠨᠬᠠᠳᠠ ᠬᠣᠲᠠ ᠢ᠋ᠢᠨ ᠬᠣᠢᠲᠤ ᠪᠡᠶ᠎ᠠ ᠪᠣᠯᠤᠨ ᠵᠡᠭᠦᠨ ᠡᠮᠦᠨ᠎ᠠ ᠪᠡᠶ᠎ᠠ᠂ ᠲᠦᠩᠯᠢᠶᠣᠤ ᠬᠣᠲᠠ ᠢ᠋ᠢᠨ ᠪᠠᠷᠠᠭᠤᠨ ᠡᠮᠦᠨ᠎ᠠ ᠪᠡᠶ᠎ᠠ ᠢ᠋ᠢᠨ ᠬᠡᠰᠡᠭ ᠭᠠᠵᠠᠷ ᠤ᠋ᠨ ᠬᠤᠷ᠎ᠠ ᠲᠤᠨᠳᠠᠰᠤᠨ ᠤ᠋ ᠬᠤᠷᠠᠮᠳᠤᠯ ᠤ᠋ᠨ ᠬᠡᠮᠵᠢᠶ᠎ᠡ 100.0 ᠮᠢᠯᠢᠮᠧᠲ᠋ᠷᠢ᠋ ᠳᠠᠪᠠᠨ᠎ᠠ᠃ ᠡᠳᠡᠬᠡᠷ ᠭᠠᠵᠠᠷ ᠲᠦ᠍ ᠪᠠᠰᠠ ᠣᠬᠣᠷ ᠬᠤᠭᠤᠴᠠᠭᠠᠨ ᠤ᠋ ᠱᠢᠷᠦᠭᠦᠨ ᠪᠣᠷᠣᠭᠠᠨ᠂ ᠠᠶᠤᠩᠭᠠᠲᠤ ᠪᠣᠷᠣᠭᠠᠨ᠂ ᠶᠡᠬᠡ ᠰᠠᠯᠬᠢ᠂ ᠮᠥᠨᠳᠥᠷ ᠵᠡᠷᠭᠡ ᠴᠢᠡᠭᠭ᠎ᠠ ᠰᠣᠯᠢᠭ ᠤᠷᠤᠰᠬᠠᠯᠲᠤ ᠴᠠᠭ ᠠᠭᠤᠷ ᠳᠠᠭᠠᠯᠳᠤᠨ᠎ᠠ᠃
ᠤᠯᠠᠭᠠᠨᠬᠠᠳᠠ ᠬᠣᠲᠠ ᠢ᠋ᠢᠨ ᠶᠡᠬᠡᠩᠬᠢ ᠭᠠᠵᠠᠷ᠂ ᠲᠦᠩᠯᠢᠶᠣᠤ ᠬᠣᠲᠠ ᠢ᠋ᠢᠨ ᠶᠡᠬᠡᠩᠬᠢ ᠭᠠᠵᠠᠷ᠂ ᠬᠢᠩᠭᠠᠨ ᠠᠢᠮᠠᠭ ᠤ᠋ᠨ ᠡᠮᠦᠨ᠎ᠠ ᠪᠡᠶ᠎ᠠ ᠳ᠋ᠤ ᠰᠢᠷᠤᠬᠦᠨ ᠪᠤᠷᠤᠭᠠᠨ ᠤ᠋ ᠭᠠᠮᠰᠢᠭ ᠤ᠋ᠨ ᠲᠦᠭᠰᠢᠬᠦᠷᠢ ᠲᠠᠢ ᠪᠠᠢᠵᠤ᠂ ᠳᠤᠮᠳᠠ ᠪᠠᠭ᠎ᠠ ᠭᠤᠤᠯ ᠮᠦᠷᠡᠨ ᠤ᠋ ᠤᠰᠤᠨ ᠤ᠋ ᠬᠡᠮᠵᠢᠶ᠎ᠠ ᠢᠯᠡᠳᠲᠡ ᠨᠡᠮᠡᠭᠳᠡᠬᠦ ᠪᠠᠢᠳᠠᠯ ᠭᠠᠷᠴᠤ᠌᠂ ᠬᠡᠰᠡᠭ ᠭᠠᠵᠠᠷ ᠣᠷᠣᠨ ᠳ᠋ᠤ ᠣᠬᠣᠷ ᠬᠤᠭᠤᠴᠠᠭᠠᠨ ᠳ᠋ᠤ ᠱᠢᠷᠦᠭᠦᠨ ᠪᠣᠷᠣᠭᠠᠨ ᠣᠷᠣᠵᠤ ᠠᠭᠤᠯᠠᠨ ᠦᠶᠡᠷ ᠤ᠋ᠨ ᠭᠠᠮᠱᠢᠭ ᠡᠭᠦᠰᠬᠦ᠌ ᠪᠣᠯᠤᠯᠴᠠᠭ᠎ᠠ ᠶᠡᠬᠡ ᠪᠠᠢᠨ᠎ᠠ᠃
ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ᠂ ᠲᠤᠰ ᠤᠳᠠᠭ᠎ᠠ ᠵᠢᠨ ᠪᠣᠷᠣᠭᠠᠨ ᠤ᠋ ᠦᠷᠭᠦᠯᠵᠢᠯᠡᠬᠦ᠌ ᠴᠠᠭ ᠨᠢ ᠤᠷᠲᠤ᠂ ᠬᠤᠷ᠎ᠠ ᠲᠤᠨᠳᠠᠰᠤ ᠢ᠋ᠢᠨ ᠬᠡᠮᠵᠢᠶ᠎ᠡ ᠶᠡᠬᠡ ᠪᠠᠢᠵᠤ᠂ ᠬᠠᠮᠢᠶ᠎ᠠ ᠪᠦᠬᠦᠢ ᠭᠠᠵᠠᠷ ᠤ᠋ᠨ ᠬᠢᠨ ᠰᠢᠷᠦᠭᠦᠨ ᠪᠤᠷᠤᠭᠠᠨ ᠵᠢᠴᠢ ᠴᠢᠡᠭᠭ᠎ᠠ ᠰᠤᠯᠢᠭ ᠤᠷᠤᠰᠬᠠᠯᠲᠤ ᠴᠠᠭ ᠠᠭᠤᠷ ᠡᠴᠡ ᠪᠤᠯᠵᠤ ᠮᠡᠳᠡᠬᠦ ᠬᠣᠲᠠ ᠢ᠋ᠢᠨ ᠦᠶᠡᠷ ᠤᠰᠤᠲᠤᠯ᠂ ᠠᠭᠤᠯᠠᠨ ᠦᠶᠡᠷ᠂ ᠭᠠᠵᠠᠷ ᠤ᠋ᠨ ᠭᠠᠮᠱᠢᠭ᠂ ᠳᠤᠮᠳᠠ ᠪᠠᠭ᠎ᠠ ᠭᠣᠣᠯ ᠮᠥᠷᠡᠨ ᠤ᠋ ᠦᠶᠡᠷ ᠵᠡᠷᠭᠡ ᠡᠭᠦᠰᠦᠮᠡᠯ ᠭᠠᠮᠰᠢᠭ ᠢ᠋ ᠠᠡᠭᠬᠠᠷᠤᠨ ᠰᠡᠷᠭᠡᠢᠯᠡᠬᠦ ᠴᠢᠬᠤᠯᠠᠲᠠᠢ᠂ ᠵᠠᠮ ᠬᠠᠷᠢᠯᠴᠠᠭᠠᠨ ᠤ᠋ ᠰᠠᠯᠠᠭ᠎ᠠ ᠮᠥᠴᠢᠷ ᠤ᠋ᠨ ᠬᠢᠨ ᠴᠠᠭ ᠲᠤᠬᠠᠢ ᠳ᠋ᠤᠨᠢ ᠰᠡᠷᠭᠡᠢᠯᠡᠬᠦ ᠠᠷᠭ᠎ᠠ ᠬᠡᠮᠵᠢᠶ᠎ᠠ ᠠᠪᠬᠤ ᠴᠢᠬᠤᠯᠠᠲᠠᠢ ᠬᠡᠵᠦ ᠰᠠᠨᠠᠭᠤᠯᠵᠤ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃