2024-09-18 09:52:25
ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠬᠤᠷᠢᠶ᠎ᠠ ᠡᠴᠡ ᠤᠢᠯᠠᠭᠠᠭᠰᠠᠨ ᠵᠢᠡᠷ᠂ ᠤᠢᠷ᠎ᠠ ᠵᠢᠨ ᠬᠤᠶᠠᠷ ᠡᠳᠤᠷ ᠲᠦ᠍ ᠨᠡᠯᠢᠶᠡᠳ ᠴᠢᠩᠭ᠎ᠠ ᠬᠦᠢᠳᠡᠨ ᠠᠭᠠᠷ ᠮᠠᠨ ᠤ᠋ ᠤᠷᠤᠨ ᠢ᠋ ᠨᠦᠯᠦᠬᠡᠯᠡᠵᠤ᠂ ᠲᠤᠮᠳᠠ ᠪᠠᠶ᠎ᠠ ᠪᠤᠯᠤᠨ ᠪᠠᠷᠠᠭᠤᠨ ᠪᠠᠶ᠎ᠡ ᠵᠢᠨ ᠶᠡᠬᠡᠩᠬᠢ ᠭᠠᠵᠠᠷ ᠤ᠋ᠨ ᠲᠤᠯᠠᠭᠠᠨ ᠤ᠋ ᠬᠡᠮᠵᠢᠶ᠎ᠠ 6 — 10 ᠭᠷᠠᠳᠦ᠋ᠰ ᠪᠠᠭᠤᠷᠠᠨ᠂ ᠵᠠᠷᠢᠮ ᠭᠠᠵᠠᠷ ᠤ᠋ᠨ ᠲᠤᠯᠠᠭᠠᠨ ᠤ᠋ ᠬᠡᠮᠵᠢᠶ᠎ᠠ 10 ᠭᠷᠠᠳᠦ᠋ᠰ ᠡᠴᠡ ᠲᠠᠬᠡᠭᠰᠢ ᠪᠠᠭᠤᠷᠠᠵᠤ᠂ ᠤᠯᠠᠨ ᠭᠠᠵᠠᠷ ᠲᠦ᠍ ᠬᠢᠷᠠᠭᠤ ᠤᠨᠠᠨ᠎ᠠ᠃
9 ᠰᠠᠷ᠎ᠠ ᠵᠢᠨ 19 ᠤ᠋ ᠡᠳᠤᠷ ᠤ᠋ᠨ 20 ᠴᠠᠭ ᠡᠴᠡ 20 ᠤ᠋ ᠡᠳᠤᠷ ᠤ᠋ᠨ 20 ᠴᠠᠭ ᠪᠤᠯᠳᠠᠯ᠎ᠠ᠂ ᠤᠷᠳᠤᠰ ᠬᠤᠳᠠ ᠵᠢᠨ ᠶᠡᠬᠡᠩᠬᠢ ᠭᠠᠵᠠᠷ᠂ ᠪᠤᠭᠤᠳᠤ ᠬᠤᠳᠠ ᠵᠢᠨ ᠶᠡᠬᠡᠩᠬᠢ ᠭᠠᠵᠠᠷ᠂ ᠬᠦᠬᠡᠬᠤᠳᠠ᠂ ᠤᠯᠠᠭᠠᠨᠴᠠᠪ ᠬᠤᠳᠠ ᠵᠢᠨ ᠶᠡᠬᠡᠩᠬᠢ ᠭᠠᠵᠠᠷ᠂ ᠰᠢᠯᠢ ᠵᠢᠨ ᠭᠤᠤᠯ ᠠᠢᠮᠠᠭ ᠤ᠋ᠨ ᠲᠤᠮᠳᠠ ᠪᠠᠶ᠎ᠠ ᠪᠠ ᠡᠮᠤᠨ᠎ᠠ ᠪᠠᠶ᠎ᠠ᠂ ᠤᠯᠠᠭᠠᠨᠬᠠᠳᠠ ᠬᠤᠳᠠ ᠵᠢᠨ ᠶᠡᠬᠡᠩᠬᠢ ᠭᠠᠵᠠᠷ᠂ ᠲᠦᠩᠯᠢᠶᠤᠤ ᠬᠤᠳᠠ ᠵᠢᠨ ᠪᠠᠷᠠᠭᠤᠨ ᠡᠮᠤᠨ᠎ᠠ ᠪᠠᠶ᠎ᠠ ᠳ᠋ᠤ ᠲᠤᠮᠳᠠ ᠵᠡᠷᠬᠡ ᠵᠢᠨ ᠪᠤᠷᠤᠭᠠᠨ ᠤᠷᠤᠵᠤ᠂ ᠪᠤᠭᠤᠳᠤ ᠬᠤᠳᠠ ᠵᠢᠨ ᠵᠡᠬᠦᠨ ᠪᠠᠶ᠎ᠠ᠂ ᠤᠯᠠᠭᠠᠨᠴᠠᠪ ᠬᠤᠳᠠ ᠵᠢᠨ ᠲᠤᠮᠳᠠ ᠪᠠᠶ᠎ᠠ ᠪᠠ ᠵᠡᠬᠦᠨ ᠡᠮᠤᠨ᠎ᠠ ᠪᠠᠶ᠎ᠠ᠂ ᠰᠢᠯᠢ ᠵᠢᠨ ᠭᠤᠤᠯ ᠠᠢᠮᠠᠭ ᠤ᠋ᠨ ᠡᠮᠤᠨ᠎ᠠ ᠪᠠᠶ᠎ᠡ᠂ ᠤᠯᠠᠭᠠᠨᠬᠠᠳᠠ ᠬᠤᠳᠠ ᠵᠢᠨ ᠶᠡᠬᠡᠩᠬᠢ ᠭᠠᠵᠠᠷ᠂ ᠲᠦᠩᠯᠢᠶᠤᠤ ᠬᠤᠳᠠ ᠵᠢᠨ ᠪᠠᠷᠠᠭᠤᠨ ᠡᠮᠤᠨ᠎ᠠ ᠪᠠᠶ᠎ᠠ ᠵᠢᠨ ᠡᠮᠤᠨ᠎ᠠ ᠬᠡᠰᠡᠭ ᠲᠦ᠍ ᠶᠡᠬᠡ ᠪᠤᠷᠤᠭᠠᠨ ᠤᠷᠤᠵᠤ᠂ ᠵᠠᠷᠢᠮ ᠭᠠᠵᠠᠷ ᠲᠦ᠍ ᠰᠢᠷᠤᠬᠦᠨ ᠪᠤᠷᠤᠭᠠᠨ ᠤᠷᠤᠨ᠎ᠠ᠃
9 ᠰᠠᠷ᠎ᠠ ᠵᠢᠨ 19 ᠤ᠋ ᠡᠳᠤᠷ ᠤ᠋ᠨ 8 ᠴᠠᠭ ᠡᠴᠡ 21 ᠤ᠋ ᠡᠳᠤᠷ ᠤ᠋ᠨ 8 ᠴᠠᠭ ᠪᠤᠯᠳᠠᠯ᠎ᠠ᠂ ᠮᠠᠨ ᠤ᠋ ᠤᠷᠤᠨ ᠤ᠋ ᠲᠤᠮᠳᠠ ᠪᠠᠶ᠎ᠠ ᠪᠠ ᠪᠠᠷᠠᠭᠤᠨ ᠪᠠᠶ᠎ᠠ ᠵᠢᠨ ᠶᠡᠬᠡᠩᠬᠢ ᠭᠠᠵᠠᠷ ᠪᠤᠯᠤᠨ ᠵᠡᠬᠦᠨ ᠡᠮᠤᠨ᠎ᠠ ᠪᠠᠶ᠎ᠠ ᠵᠢᠨ ᠪᠠᠷᠠᠭᠤᠨ ᠬᠡᠰᠡᠭ ᠤ᠋ᠨ ᠲᠤᠯᠠᠭᠠᠨ ᠤ᠋ ᠬᠡᠮᠵᠢᠶ᠎ᠠ 6 — 8 ᠭᠷᠠᠳᠦ᠋ᠰ ᠪᠠᠭᠤᠷᠠᠨ᠎ᠠ᠃ ᠡᠬᠦᠨ ᠳ᠋ᠤ ᠠᠯᠠᠱᠠ ᠠᠢᠮᠠᠭ ᠤ᠋ᠨ ᠲᠤᠮᠳᠠ ᠪᠠᠶ᠎ᠡ ᠪᠠ ᠵᠡᠬᠦᠨ ᠪᠠᠶ᠎ᠠ ᠡᠴᠡ ᠰᠢᠯᠢ ᠵᠢᠨ ᠭᠤᠤᠯ ᠠᠢᠮᠠᠭ ᠤ᠋ᠨ ᠪᠠᠷᠠᠭᠤᠨ ᠪᠠᠶ᠎ᠠ ᠪᠠ ᠡᠮᠤᠨ᠎ᠠ ᠪᠠᠶ᠎ᠠ ᠬᠦᠷᠳᠡᠯᠡᠬᠢ ᠭᠠᠵᠠᠷ ᠤ᠋ᠨ ᠲᠤᠯᠠᠭᠠᠨ ᠤ᠋ ᠬᠡᠮᠵᠢᠶ᠎ᠠ ᠨᠡᠢᠳᠡᠮ ᠳ᠋ᠡᠬᠡᠨ 8 — 10 ᠭᠷᠠᠳᠦ᠋ᠰ ᠪᠠᠭᠤᠷᠠᠵᠤ᠂ ᠵᠠᠷᠢᠮ ᠭᠠᠵᠠᠷ ᠤ᠋ᠨ ᠲᠤᠯᠠᠭᠠᠨ ᠤ᠋ ᠬᠡᠮᠵᠢᠶ᠎ᠠ 10 ᠭᠷᠠᠳᠦ᠋ᠰ ᠡᠴᠡ ᠲᠡᠬᠡᠭᠰᠢ ᠪᠠᠭᠤᠷᠠᠨ᠎ᠠ᠃ 21 ᠤ᠋ ᠦᠷᠯᠦᠬᠡᠬᠦᠷ ᠰᠢᠯᠢ ᠵᠢᠨ ᠭᠤᠤᠯ ᠠᠢᠮᠠᠭ ᠤ᠋ᠨ ᠵᠡᠬᠦᠨ ᠪᠠᠶ᠎ᠠ᠂ ᠬᠢᠩᠭᠠᠨ ᠠᠢᠮᠠᠭ᠂ ᠬᠦᠯᠦᠨ ᠪᠤᠢᠷ ᠬᠤᠳᠠ ᠵᠢᠨ ᠬᠡᠰᠡᠭ ᠭᠠᠵᠠᠷ ᠲᠦ᠍ ᠬᠢᠷᠠᠭᠤ ᠤᠨᠠᠨ᠎ᠠ᠃
9 ᠰᠠᠷ᠎ᠠ ᠵᠢᠨ 19 ᠤ᠋ ᠡᠳᠤᠷ ᠤ᠋ᠨ 8 ᠴᠠᠭ ᠡᠴᠡ 21 ᠤ᠋ ᠡᠳᠤᠷ ᠤ᠋ᠨ 8 ᠴᠠᠭ ᠪᠤᠯᠳᠠᠯ᠎ᠠ᠂ ᠮᠠᠨ ᠤ᠋ ᠤᠷᠤᠨ ᠤ᠋ ᠲᠤᠮᠳᠠ ᠪᠠᠶ᠎ᠠ ᠪᠠ ᠪᠠᠷᠠᠭᠤᠨ ᠪᠠᠶ᠎ᠠ ᠵᠢᠨ ᠶᠡᠬᠡᠩᠬᠢ ᠭᠠᠵᠠᠷ ᠪᠤᠯᠤᠨ ᠵᠡᠬᠦᠨ ᠪᠠᠶ᠎ᠠ ᠵᠢᠨ ᠡᠮᠤᠨ᠎ᠠ ᠬᠡᠰᠡᠭ ᠤ᠋ᠨ ᠭᠠᠵᠠᠷ ᠤᠷᠤᠨ ᠳ᠋ᠤ ᠪᠠᠷᠠᠭᠤᠨ ᠬᠤᠢᠨ᠎ᠠ ᠡᠴᠡ 4 — 5 ᠲᠡᠰ ᠂ ᠤᠬᠤᠷ ᠬᠤᠭᠤᠴᠠᠭᠠᠨ ᠳ᠋ᠤ 6 — 7 ᠲᠡᠰ ᠤ᠋ᠨ ᠰᠠᠯᠬᠢ ᠰᠠᠯᠬᠢᠯᠠᠨ᠎ᠠ᠃ ᠡᠬᠦᠨ ᠳ᠋ᠤ ᠠᠯᠠᠱᠠ ᠠᠢᠮᠠᠭ ᠤ᠋ᠨ ᠵᠡᠬᠦᠨ ᠬᠤᠢᠳᠤ ᠪᠠᠶ᠎ᠠ᠂ ᠪᠠᠶᠠᠨᠨᠠᠭᠤᠷ ᠬᠤᠳᠠ ᠵᠢᠨ ᠬᠤᠢᠳᠤ ᠪᠠᠶ᠎ᠠ᠂ ᠪᠤᠭᠤᠳᠤ ᠬᠤᠳᠠ ᠵᠢᠨ ᠪᠠᠷᠠᠭᠤᠨ ᠬᠤᠢᠳᠤ ᠪᠠᠶ᠎ᠠ᠂ ᠰᠢᠯᠢ ᠵᠢᠨ ᠭᠤᠤᠯ ᠠᠢᠮᠠᠭ ᠤ᠋ᠨ ᠬᠤᠢᠳᠤ ᠪᠠᠶ᠎ᠠ ᠵᠢᠨ ᠬᠡᠰᠡᠭ ᠭᠠᠵᠠᠷ ᠲᠦ᠍ 8 ᠲᠡᠰ ᠡᠴᠡ ᠲᠠᠬᠡᠭᠰᠢᠬᠢ ᠶᠡᠬᠡ ᠰᠠᠯᠬᠢ ᠰᠠᠯᠬᠢᠯᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃